ᠶᠡᠷᠦᠩᠬᠡᠢ ᠰᠠᠶᠢᠳ ᠯ ∙ ᠣᠶᠤᠨ-ᠡᠷᠳᠡᠨᠢ ᠢᠷᠭᠡᠳ ᠲᠦ ᠲᠣᠭᠠᠨ ᠭᠠᠷ ᠤᠨ ᠦᠰᠦᠭ ᠢᠶᠡᠨ ᠠᠪᠬᠤ ᠶᠢ ᠤᠷᠢᠶᠠᠯᠠᠯ᠎ᠠ


ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠣᠶᠤᠨ-ᠡᠷᠳᠡᠨᠢ ᠥᠨᠥᠳᠥᠷ /᠒᠐᠒᠓.᠐᠔.᠐᠖/ 《E-Business》 ᠫᠯᠠᠲ᠋ᠹᠣᠷᠮ ᠤᠨ ᠨᠡᠭᠡᠭᠡᠯᠲᠡ ᠊ᠢᠢᠨ ᠠᠷᠭ᠎ᠠ ᠬᠡᠮᠵᠢᠶᠡᠨ ᠊ᠳᠦ ᠣᠷᠣᠯᠴᠠᠬᠤ ᠊ᠳᠤ ᠪᠠᠨ ᠠᠪᠤᠯᠠ᠂ ᠬᠦᠨᠳᠦ ᠰᠤᠷᠲᠠᠯ ᠦᠭᠡᠢ᠂ ᠴᠠᠬᠢᠮ ᠮᠣᠩᠭᠣᠯ ᠤᠯᠤᠰ ᠪᠣᠯᠬᠤ ᠊ᠳᠤ ᠠᠷᠠᠳ ᠢᠷᠭᠡᠳ ᠳᠤ ᠤᠷᠤᠭᠤᠯᠬᠤ ᠬᠠᠮᠤᠭ ᠤᠨ ᠲᠣᠮᠣ ᠬᠤᠪᠢ ᠨᠡᠮᠡᠷᠢ ᠨᠢ ᠬᠦᠮᠦᠨ ᠲᠣᠭᠠᠨ ᠭᠠᠷ ᠤᠨ ᠦᠰᠦᠭ ᠲᠡᠢ ᠪᠣᠯᠬᠤ ᠭᠡᠳᠡᠭ ᠢ ᠣᠨᠴᠠᠯᠠᠯ᠎ᠠ᠃ ᠮᠥᠨ ᠣᠨ ᠤ ᠡᠴᠦᠰ ᠭᠡᠬᠦ ᠳᠦ 《e-Mongolia》 ᠰᠢᠰᠲ᠋ᠧᠮ ᠦᠨ ᠑᠃᠕ ᠠᠶ᠎ᠠ ᠬᠡᠷᠡᠭᠯᠡᠭᠴᠢ ᠊ᠢᠢ ᠲᠣᠭᠠᠨ ᠭᠠᠷ ᠤᠨ ᠦᠰᠦᠭ ᠲᠦ ᠰᠢᠯᠵᠢᠭᠦᠯᠵᠦ ᠴᠢᠳᠠᠪᠠᠯ ᠲᠣᠮᠣ ᠬᠡᠮᠵᠢᠶᠡᠨ ᠊ᠤ ᠴᠠᠬᠢᠮ ᠬᠤᠪᠢᠰᠬᠠᠯ ᠪᠣᠯᠤᠨ᠎ᠠ᠃ ᠲᠡᠶᠢᠮᠦ ᠡᠴᠡ ᠢᠷᠭᠡᠳ ᠲᠦ ᠪᠡᠨ ᠬᠠᠨᠳᠤᠵᠤ ᠲᠣᠭᠠᠨ ᠭᠠᠷ ᠤᠨ ᠦᠰᠦᠭ ᠊ᠢᠢᠠ᠊ᠠ ᠠᠪᠬᠤ ᠊ᠢᠢ ᠤᠷᠢᠶᠠᠯᠠᠵᠤ ᠪᠠᠶᠢᠨ᠎ᠠ ᠭᠡᠰᠡᠨ ᠶᠤᠮ᠃

ᠴᠠᠬᠢᠮ ᠭᠠᠷ ᠤᠨ ᠦᠰᠦᠭ ᠤᠨ ᠲᠤᠬᠠᠢ ᠬᠠᠤᠯᠢ ᠪᠠᠷ ᠤᠯᠤᠰ ᠤᠨ ᠪᠦᠷᠢᠳᠬᠡᠯ ᠦᠨ ᠶᠡᠷᠦᠩᠬᠡᠢ ᠭᠠᠵᠠᠷ ᠠᠴᠠ ᠮᠣᠩᠭᠣᠯ ᠤᠯᠤᠰ ᠤᠨ ᠑᠖ ᠨᠠᠰᠤᠨ ᠊ᠳᠤ ᠬᠦᠷᠦᠭᠰᠡᠨ ᠢᠷᠭᠡᠳ ᠲᠦ ᠲᠣᠭᠠᠨ ᠭᠠᠷ ᠤᠨ ᠦᠰᠦᠭ ᠢ ᠲᠠᠪᠤᠨ ᠵᠢᠯ ᠤᠨ ᠬᠤᠭᠤᠴᠠᠭ᠎ᠠ ᠪᠠᠷ ᠦᠨ᠎ᠡ ᠲᠥᠯᠦᠪᠦᠷᠢ ᠦᠭᠡᠢ ᠣᠯᠭᠤᠵᠤ ᠪᠠᠶᠢᠨ᠎ᠠ᠃ ᠲᠣᠭᠠᠨ ᠭᠠᠷ ᠤᠨ ᠦᠰᠦᠭ ᠢ ᠢᠷᠭᠡᠨ ᠦ ᠦᠨᠡᠮᠯᠡᠬᠦ᠂ token ᠪᠣᠯᠤᠨ ᠤᠬᠠᠭᠠᠯᠢᠭ ᠤᠲᠠᠰᠤᠨ ᠳᠤ ᠰᠠᠭᠤᠷᠢᠯᠠᠭᠤᠯᠬᠤ ᠪᠣᠯᠤᠮᠵᠢ ᠲᠠᠢ ᠪᠠ ᠥᠨᠥᠳᠥᠷ ᠦᠨ ᠪᠠᠶᠢᠳᠠᠯ ᠢᠶᠠᠷ ᠖᠐᠓ ᠮᠢᠩᠭᠠᠨ ᠢᠷᠭᠡᠨ ᠳᠦ ᠲᠣᠭᠠᠨ ᠭᠠᠷ ᠤᠨ ᠦᠰᠦᠭ ᠣᠯᠭᠤᠵᠠᠢ᠃

ᠨᠡᠶᠢᠲᠡᠯᠡᠭᠰᠡᠨ᠄