ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢᠨ 《ᠵᠧᠨᠳᠧᠷ ᠦᠨ ᠰᠲᠷᠠᠲ᠋ᠧᠭᠢ᠂ ᠦᠢᠯᠡ ᠠᠵᠢᠯᠯᠠᠭᠠᠨ ᠤ ᠴᠢᠭᠯᠡᠯ》 ᠍ ᠢ ᠪᠠᠲᠤᠯᠠᠯ᠎ᠠ


ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠲᠧᠭᠨᠣᠯᠣᠭᠢ ᠶᠢᠨ ᠰᠠᠯᠪᠤᠷᠢ ᠳᠤ ᠪᠠᠷᠢᠮᠲᠠᠯᠠᠬᠤ ᠵᠧᠨᠳᠧᠷ ᠦᠨ ᠰᠲᠷᠠᠲ᠋ᠧᠭᠢ ᠨᠢ ᠰᠠᠯᠪᠤᠷᠢ ᠶᠢᠨ ᠪᠣᠳᠣᠯᠭ᠎ᠠ᠂ ᠬᠥᠲᠥᠯᠪᠦᠷᠢ ᠨᠦᠭᠦᠳ ᠦᠨ ᠲᠥᠯᠥᠪᠯᠡᠯᠲᠡ᠂ ᠦᠢᠯᠡ ᠠᠵᠢᠯᠯᠠᠭ᠎ᠠ᠂ ᠬᠡᠷᠡᠭᠵᠢᠯᠲᠡ᠂ ᠦᠨᠡᠯᠡᠭᠡᠨ ᠳᠦ ᠵᠧᠨᠳᠧᠷ ᠦᠨ ᠦᠵᠡᠯ ᠪᠠᠷᠢᠮᠲᠠᠯᠠᠯ ᠢ ᠨᠡᠪᠲᠡᠷᠡᠭᠦᠯᠬᠦ᠂ ᠪᠦᠬᠦ ᠨᠡᠶᠢᠲᠡ ᠶᠢᠨ ᠴᠠᠬᠢᠮ ᠤᠷ᠎ᠠ ᠴᠢᠳᠠᠪᠬ᠎ᠠ ᠶᠢ ᠰᠠᠶᠢᠵᠢᠷᠠᠭᠤᠯᠬᠤ ᠰᠠᠯᠪᠤᠷᠢ ᠶᠢᠨ ᠰᠲᠷᠠᠲ᠋ᠧᠭᠢ ᠶᠢ ᠵᠧᠨᠳᠧᠷ ᠦᠨ ᠠᠷᠭ᠎ᠠ ᠵᠦᠢ ᠪᠡᠷ ᠳᠡᠮᠵᠢᠬᠦ ᠵᠣᠷᠢᠯᠭ᠎ᠠ ᠲᠠᠢ ᠶᠤᠮ᠃ ᠡᠨᠡ ᠬᠦᠷᠢᠶᠡᠨ ᠳᠦ᠄

ᠰᠠᠯᠪᠤᠷᠢ ᠶᠢᠨ ᠵᠧᠨᠳᠧᠷ ᠦᠨ ᠲᠡᠭᠰᠢ ᠪᠠᠶᠢᠳᠠᠯ ᠢ ᠬᠠᠩᠭᠠᠬᠤ ᠲᠣᠭᠲᠠᠯᠴᠠᠭ᠎ᠠ᠂ ᠴᠢᠳᠠᠪᠬ᠎ᠠ ᠶᠢ ᠬᠥᠭᠵᠢᠭᠦᠯᠬᠦ
ᠰᠠᠯᠪᠤᠷᠢ ᠶᠢᠨ ᠬᠦᠮᠦᠨ ᠦ ᠨᠥᠭᠡᠴᠡ ᠶᠢ ᠬᠥᠭᠵᠢᠭᠦᠯᠬᠦ᠂ ᠠᠵᠢᠯ ᠤᠨ ᠣᠷᠴᠢᠨ ᠨᠥᠬᠥᠴᠡᠯ ᠢ ᠰᠠᠶᠢᠵᠢᠷᠠᠭᠤᠯᠬᠤ᠂ ᠦᠢᠯᠡ ᠠᠵᠢᠯᠯᠠᠭ᠎ᠠ ᠶᠢ ᠵᠧᠨᠳᠧᠷ ᠦᠨ ᠠᠷᠭ᠎ᠠ ᠵᠦᠢ ᠪᠡᠷ ᠳᠡᠮᠵᠢᠬᠦ
ᠰᠠᠯᠪᠤᠷᠢ᠂ ᠪᠠᠶᠢᠭᠤᠯᠤᠯᠭ᠎ᠠ ᠨᠤᠭᠤᠳ ᠤᠨ ᠪᠦᠲᠦᠭᠡᠭᠳᠡᠬᠦᠨ ᠦᠢᠯᠡᠴᠢᠯᠡᠭᠡᠨ ᠦ ᠵᠧᠨᠳᠧᠷ ᠦᠨ ᠡᠶᠡᠷᠭᠦ ᠦᠷ᠎ᠡ ᠨᠥᠯᠦᠭᠡ ᠶᠢ ᠳᠡᠮᠵᠢᠨ᠂ ᠰᠠᠶᠢᠨ ᠲᠤᠷᠰᠢᠯᠭ᠎ᠠ ᠶᠢ ᠲᠦᠭᠡᠭᠡᠨ ᠳᠡᠯᠭᠡᠷᠡᠭᠦᠯᠬᠦ ᠵᠡᠷᠭᠡ ᠵᠣᠷᠢᠯᠲᠠ ᠨᠤᠭᠤᠳ ᠢ ᠳᠡᠪᠰᠢᠭᠦᠯᠦᠭᠰᠡᠨ ᠪᠥᠭᠡᠳ ᠒᠐᠒᠖ ᠣᠨ ᠬᠦᠷᠲᠡᠯ᠎ᠡ ᠒ ᠦᠶ᠎ᠡ ᠱᠠᠲᠤ ᠲᠠᠢ ᠬᠡᠷᠡᠭᠵᠢᠨ᠎ᠡ᠃
ᠰᠲᠷᠠᠲ᠋ᠧᠭᠢ ᠶᠢᠨ ᠡᠬᠢᠨ ᠦ ᠱᠠᠲᠤᠨ ᠤ ᠬᠡᠷᠡᠭᠵᠢᠯᠲᠡ ᠶᠢᠨ ᠦᠷ᠎ᠡ ᠳᠦᠩ ᠢ ᠒᠐᠒᠕ ᠣᠨ ᠤ ᠡᠬᠢᠨ ᠦ ᠤᠯᠠᠷᠢᠯ ᠳᠤ ᠦᠨᠡᠯᠡᠵᠦ᠂ ᠬᠣᠶᠠᠳᠤᠭᠠᠷ ᠱᠠᠲᠤᠨ ᠳᠤ ᠬᠡᠷᠡᠭᠵᠢᠭᠦᠯᠬᠦ ᠦᠢᠯᠡ ᠠᠵᠢᠯᠯᠠᠭᠠᠨ ᠤ ᠲᠠᠯ᠎ᠠ ᠪᠠᠷ ᠵᠥᠪᠯᠡᠮᠵᠢ ᠭᠠᠷᠭᠠᠬᠤ ᠶᠤᠮ᠃

ᠨᠡᠶᠢᠲᠡᠯᠡᠭᠰᠡᠨ᠄