ᠮᠡᠳᠡᠭᠡᠯᠡᠯ᠂ ᠬᠣᠯᠪᠣᠭᠠᠨ ᠤ ᠰᠦᠯᠵᠢᠶ᠎ᠡ᠂ ᠦᠢᠯᠡᠴᠢᠯᠡᠭᠡ ᠡᠷᠬᠢᠯᠡᠭᠴᠢᠳ ᠲᠦ ᠲᠤᠯᠭᠠᠷᠴᠢ ᠪᠠᠶᠢᠭ᠎ᠠ ᠠᠰᠠᠭᠤᠳᠠᠯ᠂ ᠪᠦᠬᠦ ᠨᠡᠶᠢᠲᠡ ᠶᠢᠨ ᠦᠢᠯᠡᠴᠢᠯᠡᠭᠡᠨ ᠦ ᠪᠣᠳᠣᠯᠭ᠎ᠠ᠂ ᠬᠡᠷᠡᠭᠵᠢᠯᠲᠡ ᠶᠢᠨ ᠣᠯᠠᠨ ᠤᠯᠤᠰ ᠤᠨ ᠲᠤᠷᠰᠢᠯᠭ᠎ᠠ᠂ ᠮᠠᠨ ᠤ ᠤᠯᠤᠰ ᠤᠨ ᠡᠭᠦᠷᠭᠡ ᠶᠢᠨ ᠰᠠᠩ ᠤᠨ ᠪᠣᠳᠣᠯᠭ᠎ᠠ᠂ ᠡᠷᠬᠡ ᠵᠦᠢ ᠶᠢᠨ ᠵᠣᠬᠢᠴᠠᠭᠤᠯᠤᠯᠲᠠ᠂ ᠬᠡᠷᠡᠭᠵᠢᠭᠦᠯᠵᠦ ᠪᠤᠢ ᠠᠵᠢᠯ ᠤᠳ᠂ ᠲᠤᠯᠭᠠᠮᠳᠠᠭᠰᠠᠨ ᠠᠰᠠᠭᠤᠳᠠᠯ ᠤᠳ ᠢ ᠬᠡᠯᠡᠯᠴᠡᠬᠦ ᠵᠣᠷᠢᠯᠭ᠎ᠠ ᠪᠠᠷ 《ᠬᠠᠷᠢᠯᠴᠠᠭ᠎ᠠ ᠬᠣᠯᠪᠣᠭᠠᠨ ᠤ ᠰᠦᠯᠵᠢᠶ᠎ᠡ᠂ ᠦᠢᠯᠡᠴᠢᠯᠡᠭᠡᠨ ᠦ ᠪᠣᠳᠣᠯᠭ᠎ᠠ ᠶᠢᠨ ᠠᠰᠠᠭᠤᠳᠠᠯ ᠤᠳ ᠰᠡᠳᠦᠪᠲᠦ ᠬᠡᠯᠡᠯᠴᠡᠭᠦᠯᠭᠡ ᠶᠢ ᠼᠠ᠊ ᠬᠥ᠊ ᠬᠠ᠊ ᠬᠣ᠊ ᠶᠠ᠊ ᠵᠣᠬᠢᠶᠠᠨ ᠪᠠᠶᠢᠭᠤᠯᠤᠯ᠎ᠠ᠃

ᠬᠡᠯᠡᠯᠴᠡᠭᠦᠯᠭᠡ ᠶᠢᠨ ᠦᠶ᠎ᠡ ᠪᠡᠷ ᠡᠭᠦᠷ ᠦᠨ ᠬᠣᠯᠪᠣᠭᠠᠨ ᠤ ᠰᠦᠯᠵᠢᠶᠡᠨ ᠦ ᠠᠰᠢᠭᠯᠠᠯᠲᠠ ᠶᠢᠨ ᠥᠨᠥ ᠶᠢᠨ ᠪᠠᠶᠢᠳᠠᠯ᠂ ᠕ᠵᠢ᠊ ᠲᠧᠭᠨᠣᠯᠣᠭᠢ ᠨᠡᠪᠲᠡᠷᠡᠭᠦᠯᠬᠦ ᠲᠡᠢ ᠬᠣᠯᠪᠣᠭᠠᠲᠠᠢ ᠠᠰᠠᠭᠤᠳᠠᠯ ᠢ ᠰᠠᠯᠪᠤᠷᠢ ᠶᠢᠨ ᠲᠥᠷᠦ ᠶᠢᠨ ᠪᠣᠯᠤᠨ ᠬᠤᠪ ᠤᠨ ᠬᠡᠪᠰᠢᠯ ᠦᠨ ᠪᠠᠶᠢᠭᠤᠯᠤᠯᠭ᠎ᠠ ᠨᠤᠭᠤᠳ ᠬᠠᠮᠲᠤᠷᠠᠨ ᠬᠡᠯᠡᠯᠴᠡᠭᠰᠡᠨ ᠶᠤᠮ᠃

ᠴᠠᠬᠢᠮ ᠰᠢᠯᠵᠢᠯᠲᠡ ᠶᠢᠨ ᠰᠠᠭᠤᠷᠢ ᠳᠡᠳ᠋ ᠪᠦᠲᠦᠴᠡ ᠪᠣᠯᠬᠤ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠰᠦᠯᠵᠢᠶᠡᠨ ᠦ ᠨᠠᠶᠢᠳᠠᠪᠤᠷᠢᠲᠠᠢ ᠪᠠᠶᠢᠳᠠᠯ ᠢ ᠪᠡᠬᠢᠵᠢᠭᠦᠯᠵᠦ᠂ ᠥᠰᠦᠨ ᠨᠡᠮᠡᠭᠳᠡᠬᠦ ᠳ᠋ᠢᠵᠢᠲᠠᠯ᠎ᠠ ᠬᠡᠷᠡᠭᠯᠡᠭᠡᠨ ᠦ ᠡᠷᠢᠯᠲᠡ᠂ ᠬᠡᠷᠡᠭᠴᠡᠭᠡ ᠶᠢ ᠬᠠᠩᠭᠠᠬᠤ᠂ ᠬᠦᠷᠲᠡᠭᠡᠮᠵᠢ ᠶᠢ ᠨᠡᠮᠡᠭᠳᠡᠭᠦᠯᠬᠦ᠂ ᠴᠢᠨᠠᠷ ᠲᠠᠢ ᠰᠦᠯᠵᠢᠶ᠎ᠡ᠂ ᠳᠡᠳ᠋ ᠪᠦᠲᠦᠴᠡ ᠶᠢᠨ ᠨᠥᠬᠥᠴᠡᠯ ᠢ ᠪᠦᠷᠢᠳᠦᠭᠦᠯᠬᠦ ᠡᠭᠦᠳᠡᠨ ᠡᠴᠡ ᠬᠠᠷᠢᠯᠴᠠᠭ᠎ᠠ ᠬᠣᠯᠪᠣᠭᠠᠨ ᠤ ᠰᠦᠯᠵᠢᠶ᠎ᠡ᠂ ᠳᠡᠳ᠋ ᠪᠦᠲᠦᠴᠡ ᠶᠢ ᠪᠠᠷᠢᠯᠭ᠎ᠠ᠂ ᠬᠣᠲᠠ ᠪᠠᠶᠢᠭᠤᠯᠤᠯᠲᠠ᠂ ᠵᠠᠮ᠂ ᠡᠷᠴᠢᠮ ᠬᠦᠴᠦ ᠵᠡᠷᠭᠡ ᠪᠤᠰᠤᠳ ᠰᠠᠯᠪᠤᠷᠢ ᠶᠢᠨ ᠢᠨᠵᠧᠨᠧᠷ ᠦᠨ ᠳᠡᠳ᠋ ᠪᠦᠲᠦᠴᠡ ᠲᠡᠢ ᠤᠶᠠᠯᠳᠤᠭᠤᠯᠤᠨ ᠲᠥᠯᠥᠪᠯᠡᠬᠦ᠂ ᠬᠣᠯᠪᠣᠭᠳᠠᠬᠤ ᠪᠠᠷᠢᠮᠲᠠ ᠪᠢᠴᠢᠭ ᠦᠳ ᠲᠦ ᠥᠭᠡᠷᠡᠴᠢᠯᠡᠯᠲᠡ ᠤᠷᠤᠭᠤᠯᠬᠤ᠂ ᠤᠯᠠᠮ ᠢᠶᠠᠷ ᠭᠠᠵᠠᠷ ᠵᠣᠬᠢᠶᠠᠨ ᠪᠠᠶᠢᠭᠤᠯᠤᠯᠲᠠ ᠲᠠᠢ ᠬᠡᠷᠬᠢᠨ ᠤᠶᠠᠯᠳᠤᠭᠤᠯᠬᠤ ᠭᠠᠷᠴᠠ ᠭᠠᠷᠭᠠᠯᠭ᠎ᠠ ᠰᠢᠢᠳᠦᠯ ᠦᠨ ᠲᠠᠯ᠎ᠠ ᠪᠠᠷ ᠮᠡᠳᠡᠭᠡᠯᠡᠯ ᠰᠣᠯᠢᠯᠴᠠᠭᠰᠠᠨ ᠨᠢ ᠣᠨᠴᠠᠯᠢᠭ ᠪᠠᠶᠢᠯ᠎ᠠ᠃
