ᠶᠠᠫᠣᠨ ᠤᠯᠤᠰ ᠤᠨ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠵᠠᠶᠶᠺᠠ ᠍ ᠦᠨ ᠳᠡᠮᠵᠢᠯᠭᠡ ᠲᠡᠢ ᠬᠡᠷᠡᠭᠵᠢᠭᠦᠯᠵᠦ ᠪᠤᠢ ᠺᠢᠪᠧᠷ ᠠᠶᠤᠯ ᠦᠭᠡᠢ ᠪᠠᠶᠢᠳᠠᠯ ᠤᠨ ᠬᠦᠮᠦᠨ ᠦ ᠨᠥᠭᠡᠴᠡ ᠶᠢ ᠬᠥᠭᠵᠢᠭᠦᠯᠬᠦ ᠲᠧᠭᠨᠢᠭ ᠦᠨ ᠬᠠᠮᠲᠤ ᠶᠢᠨ ᠠᠵᠢᠯᠯᠠᠭᠠᠨ ᠤ ᠲᠥᠰᠥᠯ ᠦᠨ ᠪᠠᠭ ᠤᠨ ᠠᠭᠤᠯᠵᠠᠯᠲᠠ ᠥᠨᠥᠳᠥᠷ /᠒᠐᠒᠓.᠐᠒.᠐᠒/ ᠵᠣᠬᠢᠶᠠᠨ ᠪᠠᠶᠢᠭᠤᠯᠤᠭᠳᠠᠵᠤ᠂ ᠲᠥᠰᠥᠯ ᠦᠨ ᠶᠠᠪᠤᠴᠠ ᠪᠣᠯᠤᠨ ᠒᠐᠒᠓ ᠣᠨ ᠳᠤ ᠵᠣᠬᠢᠶᠠᠨ ᠪᠠᠶᠢᠭᠤᠯᠬᠤ ᠰᠤᠷᠭᠠᠯᠲᠠ᠂ ᠠᠷᠭ᠎ᠠ ᠬᠡᠮᠵᠢᠶᠡᠨ ᠦ ᠲᠠᠯ᠎ᠠ ᠪᠠᠷ ᠬᠡᠯᠡᠯᠴᠡᠯ᠎ᠡ᠃

ᠲᠥᠰᠥᠯ ᠦᠨ ᠬᠦᠷᠢᠶᠡᠨ ᠳᠦ ᠲᠣᠭᠠᠨ ᠰᠢᠨᠵᠢᠯᠡᠭᠡ᠂ ᠪᠠᠶᠢᠭᠤᠯᠤᠯᠭ᠎ᠠ ᠶᠢᠨ ᠤᠳᠤᠷᠢᠳᠤᠯᠭ᠎ᠠ ᠶᠢᠨ ᠲᠦᠪᠰᠢᠨ ᠦ ᠺᠢᠪᠧᠷ ᠠᠶᠤᠯ ᠦᠭᠡᠢ ᠪᠠᠶᠢᠳᠠᠯ ᠤᠨ ᠮᠡᠳᠡᠯᠭᠡ ᠶᠢ ᠳᠡᠭᠡᠭᠰᠢᠯᠡᠭᠦᠯᠬᠦ᠂ ᠠᠶᠤᠯ ᠦᠭᠡᠢ ᠪᠠᠶᠢᠳᠠᠯ ᠢ ᠬᠠᠩᠭᠠᠬᠤ ᠴᠢᠭᠯᠡᠯ ᠢᠶᠡᠷ ᠰᠤᠷᠭᠠᠭᠴᠢ ᠪᠠᠭᠰᠢ ᠪᠡᠯᠡᠳᠬᠡᠬᠦ ᠮᠥᠨ ᠲᠥᠷᠥ ᠶᠢᠨ ᠠᠯᠪᠠᠨ ᠬᠠᠭᠠᠭᠴᠢ᠂ ᠣᠯᠠᠨ ᠨᠡᠶᠢᠲᠡ ᠶᠢᠨ ᠺᠢᠪᠧᠷ ᠠᠶᠤᠯ ᠦᠭᠡᠢ ᠪᠠᠶᠢᠳᠠᠯ ᠤᠨ ᠮᠡᠳᠡᠯᠭᠡ᠂ ᠴᠢᠳᠠᠪᠤᠷᠢ᠂ ᠣᠶᠢᠯᠠᠭᠠᠯᠲᠠ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠥᠷᠥ᠂ ᠬᠤᠪ ᠤᠨ ᠬᠡᠪᠰᠢᠯ᠂ ᠪᠣᠯᠪᠠᠰᠤᠷᠠᠯ ᠤᠨ ᠰᠠᠯᠪᠤᠷᠢ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠥᠯᠥᠪᠯᠡᠨ ᠠᠵᠢᠯᠯᠠᠵᠤ ᠪᠠᠶᠢᠨ᠎ᠠ᠃

ᠮᠥᠨ ᠶᠣᠰᠣ ᠵᠦᠢ ᠳᠦ ᠬᠠᠺᠧᠷ ᠰᠤᠷᠭᠠᠯᠲᠠ ᠶᠢ ᠵᠣᠬᠢᠶᠠᠨ ᠪᠠᠶᠢᠭᠤᠯᠵᠤ ᠬᠣᠯᠪᠣᠭᠳᠠᠬᠤ ᠪᠠᠭᠰᠢ᠂ ᠠᠯᠪᠠᠨ ᠬᠠᠭᠠᠭᠴᠢᠳ ᠢ ᠬᠠᠮᠤᠷᠤᠭᠤᠯᠤᠨ ᠡᠨᠡ ᠲᠥᠷᠥᠯ ᠦᠨ ᠬᠠᠮᠲᠤ ᠶᠢᠨ ᠠᠵᠢᠯᠯᠠᠭᠠᠨ ᠤ ᠲᠥᠰᠥᠯ ᠬᠡᠷᠡᠭᠵᠢᠭᠰᠡᠨ ᠭᠠᠳᠠᠨ᠎ᠠ ᠶᠢᠨ ᠤᠯᠤᠰ ᠤᠳ ᠲᠠᠢ ᠮᠡᠳᠡᠭᠡᠯᠡᠯ ᠰᠤᠯᠢᠯᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠭᠠᠳ ᠪᠠᠶᠢᠨ᠎ᠠ᠃
ᠲᠥᠰᠥᠯ ᠦᠨ ᠪᠠᠭ ᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠳᠡᠳ᠋ ᠰᠠᠶᠢᠳ ᠵ ∙ ᠡᠷᠬᠢᠮᠪᠠᠭᠠᠲᠤᠷ ᠠᠬᠠᠯᠠᠵᠤ᠂ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠬᠡ ᠰᠤᠷᠭᠠᠭᠤᠯᠢ ᠤᠨ ᠮᠡᠳᠡᠭᠡᠯᠡᠯ ᠬᠣᠯᠪᠣᠭᠠᠨ ᠤ ᠲᠧᠭᠨᠣᠯᠣᠭᠢ ᠶᠢᠨ ᠰᠤᠷᠭᠠᠭᠤᠯᠢ᠂ ᠤᠳᠤᠷᠢᠳᠤᠯᠭ᠎ᠠ ᠶᠢᠨ ᠠᠺᠠᠳᠧᠮᠢ ᠬᠠᠮᠲᠤᠷᠠᠨ ᠬᠡᠷᠡᠭᠵᠢᠭᠦᠯᠦᠨ᠎ᠡ᠃