ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ 《Astana hub》 ᠲᠧᠭᠨᠣᠯᠣᠭᠢ ᠶᠢᠨ ᠫᠠᠷᠺ ᠤᠨ ᠒᠐᠒᠓.᠐᠒.᠐᠒-᠐᠔ ᠍ ᠦ ᠡᠳᠦᠷ ᠦᠳ ᠲᠦ ᠵᠣᠬᠢᠶᠠᠨ ᠪᠠᠶᠢᠭᠤᠯᠤᠭᠰᠠᠨ 《ᠳᠢᠵᠢᠲᠠᠯ ᠠᠯᠮᠠᠲᠢ ᠒᠐᠒᠓》 ᠹᠣᠷᠣᠮ ᠳᠤ ᠮᠣᠩᠭᠣᠯ ᠤᠯᠤᠰ ᠤᠨ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ ᠬᠦᠨᠳᠦᠲᠦ ᠵᠣᠴᠢᠨ ᠤ ᠬᠤᠪᠢᠶᠠᠷᠢ ᠤᠷᠢᠭᠳᠠᠨ ᠣᠷᠣᠯᠴᠠᠯ᠎ᠠ᠃

ᠹᠣᠷᠣᠮ ᠳᠤ ᠶᠡ᠊ ᠡ᠊ ᠠ᠊ ᠽ᠊ ᠬ᠊ ᠍ ᠤ ᠭᠡᠰᠢᠭᠦᠨ ᠣᠷᠣᠨ ᠨᠤᠭᠤᠳ ᠤᠨ ᠵᠠᠰᠠᠭ ᠤᠨ ᠭᠠᠵᠠᠷ ᠤᠨ ᠲᠡᠷᠢᠭᠦᠨ ᠪᠣᠯᠤᠨ ᠴᠠᠬᠢᠮ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠰᠠᠶᠢᠳ ᠨᠠᠷ ᠣᠷᠣᠯᠴᠠᠵᠤ᠂ ᠲᠧᠭᠨᠣᠯᠣᠭᠢ ᠶᠢᠨ ᠦᠵᠡᠰᠬᠦᠯᠡᠩ ᠦᠵᠡᠵᠦ ᠲᠠᠨᠢᠯᠴᠠᠵᠤ᠂ ᠤᠯᠤᠰ ᠪᠦᠷᠢ ᠶᠢᠨ ᠲᠧᠭᠨᠣᠯᠣᠭᠢ ᠶᠢᠨ ᠰᠠᠯᠪᠤᠷᠢ ᠳᠠᠬᠢ ᠠᠮᠵᠢᠯᠲᠠ᠂ ᠣᠯᠤᠯᠲᠠ᠂ ᠲᠤᠷᠰᠢᠯᠭ᠎ᠠ ᠶᠢᠨ ᠲᠠᠯ᠎ᠠ ᠪᠠᠷ ᠢᠯᠡᠳᠬᠡᠯ ᠦᠳ ᠢ ᠳᠤᠭᠤᠢ ᠰᠢᠷᠡᠭᠡᠨ ᠦ ᠠᠭᠤᠯᠵᠠᠯᠲᠠ ᠪᠠᠷ ᠲᠠᠨᠢᠯᠴᠠᠭᠤᠯᠤᠭᠰᠠᠨ ᠶᠤᠮ᠃
ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠴᠠᠬᠢᠮ ᠬᠥᠭᠵᠢᠯ᠂ ᠢᠨᠨᠣᠸᠠᠼᠢ᠂ ᠠᠭᠠᠷ ᠰᠠᠨᠰᠠᠷ ᠤᠨ ᠦᠢᠯᠡᠳᠪᠦᠷᠢᠯᠡᠯ ᠦᠨ ᠰᠠᠶᠢᠳ ᠪᠠᠭᠲᠠᠲ ᠮᠦᠰᠢᠨ᠂ ᠲᠧᠭᠨᠣᠯᠣᠭᠢ ᠶᠢᠨ ᠰᠠᠯᠪᠤᠷᠢ ᠶᠢᠨ ᠬᠥᠷᠥᠩᠭᠡ ᠣᠷᠣᠭᠤᠯᠤᠭᠴᠢ᠂ Freedom Finance ᠺᠣᠮᠫᠠᠨᠢ ᠶᠢᠨ ᠵᠠᠬᠢᠷᠤᠯ ᠲᠢᠮᠤᠷ ᠲᠤᠷᠤᠯᠠᠪᠠ ᠨᠠᠷ ᠲᠠᠢ ᠠᠭᠤᠯᠵᠠᠵᠤ ᠮᠣᠩᠭᠣᠯ ᠤᠯᠤᠰ ᠤᠨ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠳᠤ ᠬᠥᠷᠥᠩᠭᠡ ᠤᠷᠤᠭᠤᠯᠬᠤ ᠪᠣᠯᠤᠮᠵᠢ᠂ ᠪᠣᠯᠤᠯᠴᠠᠭᠠᠨ ᠤ ᠲᠠᠯ᠎ᠠ ᠪᠠᠷ ᠬᠠᠷᠢᠯᠴᠠᠨ ᠶᠠᠷᠢᠯᠴᠠᠭᠰᠠᠨ ᠪᠥᠭᠡᠳ ᠳᠠᠷᠤᠭ᠎ᠠ ᠶᠢᠨ ᠱᠠᠲᠤᠨ ᠤ ᠠᠭᠤᠯᠵᠠᠯᠲᠠ ᠶᠢ ᠮᠣᠩᠭᠣᠯ ᠤᠯᠤᠰ ᠲᠤ ᠵᠣᠬᠢᠶᠠᠨ ᠪᠠᠶᠢᠭᠤᠯᠬᠤ ᠪᠠᠷ ᠶᠠᠷᠢᠯᠴᠠᠵᠤ ᠲᠣᠬᠢᠷᠠᠯ᠎ᠠ᠃
ᠲᠡᠭᠦᠨᠴᠢᠯᠡᠨ ᠠᠯᠮᠠᠲ ᠤ ᠬᠣᠲᠠ ᠶᠢᠨ ᠲᠦᠭᠵᠢᠷᠡᠯ ᠢ ᠪᠠᠭᠤᠷᠠᠭᠤᠯᠬᠤ ᠳᠤ ᠴᠢᠬᠤᠯᠠ ᠠᠴᠢ ᠬᠣᠯᠪᠣᠭᠳᠠᠯ ᠥᠭᠴᠦ ᠪᠤᠢ ᠰᠺᠦ᠋ᠲ᠋ᠧᠷ ᠲᠦᠷᠢᠶᠡᠰᠦ ᠶᠢᠨ ᠺᠣᠮᠫᠠᠨᠢ ᠨᠤᠭᠤᠳ ᠤᠨ ᠲᠡᠷᠢᠭᠦᠯᠡᠭᠴᠢ 《ᠵ᠋ᠶᠡᠲ》 ᠺᠣᠮᠫᠠᠨᠢᠢ ᠵᠠᠬᠢᠷᠤᠯ ᠰᠧᠷᠢᠺ ᠤᠰᠫᠠᠨᠨᠣᠸ ᠲᠠᠢ ᠠᠭᠤᠯᠵᠠᠵᠤ᠂ ᠲᠤᠰ ᠺᠣᠮᠫᠠᠨᠢ ᠶᠢᠨ ᠬᠥᠷᠦᠩᠭᠡ ᠣᠷᠣᠭᠤᠯᠤᠯᠲᠠ ᠲᠠᠲᠠᠭᠰᠠᠨ ᠲᠤᠷᠰᠢᠯᠭ᠎ᠠ᠂ ᠲᠧᠭᠨᠣᠯᠣᠭᠢ ᠶᠢ ᠮᠣᠩᠭᠣᠯ ᠳᠤ ᠨᠡᠪᠲᠡᠷᠡᠭᠦᠯᠬᠦ᠂ ᠴᠠᠭ ᠠᠭᠠᠷ ᠤᠨ ᠢᠵᠢᠯ ᠨᠥᠬᠥᠴᠡᠯ ᠲᠡᠢ ᠠᠰᠲᠠᠨ᠎ᠠ ᠬᠣᠲᠠᠳ ᠬᠡᠷᠡᠭᠵᠢᠭᠦᠯᠦᠭᠰᠡᠨ ᠲᠤᠷᠰᠢᠯᠭ᠎ᠠ᠂ ᠦᠷ᠎ᠡ ᠳ᠋ᠦᠩ ᠦᠨ ᠲᠠᠯ᠎ᠠ ᠪᠠᠷ ᠶᠠᠷᠢᠯᠴᠠᠵᠤ᠂ ᠲᠧᠭᠨᠣᠯᠣᠭᠢ ᠶᠢᠨ ᠳᠡᠪᠰᠢᠯ ᠢ ᠠᠰᠢᠭᠯᠠᠵᠤ ᠲᠦᠭᠵᠢᠷᠡᠯ ᠢ ᠪᠠᠭᠤᠷᠠᠭᠤᠯᠬᠤ ᠲᠠᠯ᠎ᠠ ᠪᠠᠷ ᠬᠣᠯᠪᠣᠭᠳᠠᠬᠤ ᠪᠠᠶᠢᠭᠤᠯᠤᠯᠭ᠎ᠠ ᠲᠠᠢ ᠬᠣᠯᠪᠣᠵᠤ ᠳᠡᠮᠵᠢᠯᠭᠡ ᠦᠵᠡᠭᠦᠯᠬᠦ ᠪᠡᠨ ᠢᠯᠡᠷᠬᠡᠶᠢᠯᠡᠯ᠎ᠡ᠃