ᠶᠡᠷᠦᠩᠬᠡᠢ ᠰᠠᠶᠢᠳ ᠯ ∙ ᠣᠶᠤᠨ-ᠡᠷᠳᠡᠨᠢ ᠲᠥᠷᠥ ᠶᠢᠨ ᠦᠢᠯᠡᠴᠢᠯᠡᠭᠡ ᠶᠢ ᠢᠷᠭᠡᠳ ᠲᠦ ᠬᠠᠮᠢᠭ᠎ᠠ ᠠᠴᠠ ᠴᠤ ᠣᠶᠢᠷᠠᠬᠠᠨ᠂ ᠰᠢᠭᠤᠷᠬᠠᠢ ᠦᠵᠡᠭᠦᠯᠬᠦ 《ᠬᠤᠷᠳᠠᠨ》 ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠯ᠎ᠠ


ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠳᠡᠪᠰᠢᠭᠦᠯᠦᠭᠰᠡᠨ ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠬᠦᠷᠢᠶᠡᠨ ᠳᠦ ᠵᠣᠬᠢᠶᠠᠨ ᠪᠠᠶᠢᠭᠤᠯᠵᠤ ᠪᠤᠢ 《ᠬᠥᠳᠡᠭᠡ ᠶᠢᠨ ᠰᠡᠷᠭᠦᠯᠲᠡ》 ᠴᠢᠭᠤᠯᠭᠠᠨ ᠤ ᠬᠦᠷᠢᠶᠡᠨ ᠳᠦ ᠼᠠ᠊ ᠬᠥᠥ᠊ ᠬᠠ᠊ ᠬᠣ᠊ ᠶᠠ᠊- ᠤ ᠡᠷᠬᠢᠯᠡᠬᠦ ᠠᠰᠠᠭᠤᠳᠠᠯ ᠤᠨ ᠬᠦᠷᠢᠶᠡᠨ ᠳᠦ ᠪᠠᠶᠢᠭᠤᠯᠤᠭᠳᠠᠭᠰᠠᠨ ᠲᠥᠷᠥ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ 《ᠬᠤᠷᠳᠠᠨ》 ᠲᠥᠪ ᠦᠨ ᠦᠢᠯᠡ ᠠᠵᠢᠯᠯᠠᠭ᠎ᠠ ᠶᠢ ᠢᠷᠭᠡᠳ ᠲᠦ ᠲᠠᠨᠢᠯᠴᠠᠭᠤᠯᠤᠯ᠎ᠠ᠃

ᠡᠨᠡ ᠦᠶ᠎ᠡ ᠪᠡᠷ ᠼᠠ᠊ ᠬᠥ᠊ ᠬᠠ᠊ ᠬᠣ᠊- ᠤ ᠰᠠᠶᠢᠳ ᠨ ∙ ᠤᠴᠠᠷᠠᠯ ᠶᠡᠷᠦᠩᠬᠡᠢ ᠰᠠᠶᠢᠳ ᠯ ∙ ᠣᠶᠤᠨ-ᠡᠷᠳᠡᠨᠢ ᠳᠦ ᠲᠥᠷᠦ ᠶᠢᠨ ᠦᠢᠯᠡᠴᠢᠯᠡᠭᠡ ᠶᠢ ᠬᠠᠨᠠᠠᠰ ᠴᠤ ᠣᠶᠢᠷᠠᠬᠠᠨ ᠬᠦᠷᠭᠡᠬᠦ 《ᠬᠤᠷᠳᠠᠨ》 ᠲᠥᠪ ᠦᠨ ᠲᠤᠬᠠᠢ ᠲᠠᠨᠢᠯᠴᠠᠭᠤᠯᠤᠯ᠎ᠠ᠃ ᠬᠦᠮᠦᠨ᠂ ᠬᠠᠤᠯᠢ ᠶᠢᠨ ᠡᠲᠡᠭᠡᠳ ᠲᠦ ᠨᠡᠶᠢᠲᠡ ᠳᠦ ᠪᠡᠨ ᠔᠔᠐ ᠭᠠᠷᠤᠢ ᠲᠥᠷᠥ ᠶᠢᠨ ᠦᠢᠯᠡᠴᠢᠯᠡᠭᠡ ᠶᠢ ᠦᠵᠡᠭᠦᠯᠬᠦ 《ᠬᠤᠷᠳᠠᠨ》 ᠲᠥᠪ ᠦᠨ ᠑᠑᠐ ᠭᠠᠷᠤᠢ ᠴᠡᠭ ᠢ ᠨᠡᠶᠢᠰᠯᠡᠯ᠂ ᠣᠷᠣᠨ ᠨᠤᠲᠤᠭ ᠲᠤ ᠪᠠᠶᠢᠭᠤᠯᠬᠤ ᠪᠠᠷ ᠠᠵᠢᠯᠯᠠᠵᠤ ᠪᠠᠶᠢᠨ᠎ᠠ᠃ ᠢᠩᠭᠢᠭᠰᠡᠨ ᠢᠶᠡᠷ ᠰᠤᠮᠤ ᠶᠢᠨ ᠢᠷᠭᠡᠳ ᠵᠠᠪᠠᠯ ᠠᠶᠢᠮᠠᠭ ᠤᠨ ᠲᠥᠪᠦᠷᠢᠭᠦᠦ ᠪᠡᠨ ᠶᠠᠪᠤᠵᠤ ᠲᠥᠷᠦ ᠶᠢᠨ ᠦᠢᠯᠡᠴᠢᠯᠡᠭᠡ ᠶᠢ ᠠᠪᠬᠤ ᠪᠤᠰᠤ ᠰᠤᠮᠤ ᠠᠴᠠ ᠪᠠᠨ ᠲᠥᠷᠦ ᠶᠢᠨ ᠪᠦᠬᠦ ᠲᠥᠷᠦᠯ ᠦᠨ ᠦᠢᠯᠡᠴᠢᠯᠡᠭᠡ ᠶᠢ ᠠᠪᠳᠠᠭ ᠪᠣᠯᠤᠨ᠎ᠠ᠃ ᠨᠡᠶᠢᠰᠯᠡᠯ ᠦᠨ ᠢᠷᠭᠡᠳ ᠵᠠᠪᠠᠯ ᠨᠢᠭᠡ ᠴᠡᠭ ᠦᠨ ᠦᠢᠯᠡᠴᠢᠯᠡᠭᠡᠨ ᠦ ᠲᠥᠪ ᠢ ᠵᠣᠷᠢᠬᠤ ᠪᠤᠰᠤ ᠭᠡᠷ ᠦᠨ ᠢᠶᠡᠨ ᠭᠠᠳᠠᠨᠠᠬᠢ ᠺᠢᠣᠰᠺ ᠮᠠᠰᠢᠨ ᠳᠤ ᠢᠷᠭᠡᠨ ᠦ ᠦᠨᠡᠮᠯᠡᠬᠦ ᠪᠡᠨ ᠤᠩᠰᠢᠭᠤᠯᠤᠭᠠᠳ ᠲᠥᠷᠦ ᠶᠢᠨ ᠦᠢᠯᠡᠴᠢᠯᠡᠭᠡ ᠶᠢ ᠬᠤᠷᠳᠠᠨ᠂ ᠰᠢᠭᠤᠷᠬᠠᠢ ᠠᠪᠴᠤ ᠡᠬᠢᠯᠡᠬᠦ ᠶᠤᠮ᠃

ᠲᠡᠭᠦᠨᠴᠢᠯᠡᠨ ᠬᠢᠯᠢ ᠶᠢᠨ ᠴᠢᠨᠠᠳᠤ ᠳᠤ ᠪᠠᠶᠢᠭ᠎ᠠ ᠢᠷᠭᠡᠳ ᠳ᠋ᠢᠫᠯᠣᠮᠠᠲ ᠲᠥᠯᠦᠭᠡᠯᠡᠭᠴᠢ ᠶᠢᠨ ᠭᠠᠵᠠᠷ ᠠᠴᠠ ᠲᠥᠷᠦ ᠶᠢᠨ ᠦᠢᠯᠡᠴᠢᠯᠡᠭᠡ ᠶᠢ ᠠᠪᠬᠤ ᠪᠣᠯᠤᠮᠵᠢ ᠶᠢ ᠪᠦᠷᠢᠳᠦᠭᠦᠯᠦᠨ᠎ᠡ᠃ ᠲᠥᠷᠥ ᠶᠢᠨ ᠦᠢᠯᠡᠴᠢᠯᠡᠭᠡᠨ ᠦ ᠨᠢᠭᠡᠳᠦᠭᠰᠡᠨ ᠴᠠᠬᠢᠮ ᠰᠢᠰᠲ᠋ᠧᠮ ᠢᠶᠡᠷ ᠠᠵᠢᠯᠯᠠᠬᠤ ᠬᠤᠷᠳᠠᠨ ᠲᠥᠪ ᠦᠨ ᠴᠡᠭᠡ ᠨᠦᠭᠦᠳ ᠢ ᠡᠨᠡ ᠭᠤᠷᠪᠠᠳᠤᠭᠠᠷ ᠰᠠᠷ᠎ᠠ ᠠᠴᠠ ᠡᠬᠢᠯᠡᠵᠦ ᠨᠡᠶᠢᠰᠯᠡᠯ᠂ ᠣᠷᠣᠨ ᠨᠤᠲᠤᠭ ᠲᠤ ᠦᠶ᠎ᠡ ᠱᠠᠲᠤ ᠲᠠᠢ ᠪᠠᠷ ᠨᠡᠭᠡᠭᠡᠬᠦ ᠶᠤᠮ᠃

ᠨᠡᠶᠢᠲᠡᠯᠡᠭᠰᠡᠨ᠄