ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠣᠶᠤᠨ-ᠡᠷᠳᠡᠨᠢ ᠡᠨᠡ ᠣᠨ ᠤ ᠬᠣᠶᠠᠳᠤᠭᠠᠷ ᠰᠠᠷ᠎ᠠ ᠳᠤ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠭᠰᠡᠨ᠃ ᠲᠤᠰ ᠠᠶᠢᠯᠴᠢᠯᠠᠯ ᠤᠨ ᠬᠦᠷᠢᠶᠡᠨ ᠳᠦ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠤ ᠣᠷᠣᠰᠢᠨ ᠰᠠᠭᠤᠭ᠎ᠠ ᠢᠷᠭᠡᠳ ᠦᠨ ᠲᠥᠯᠦᠭᠡᠯᠡᠯ ᠲᠡᠢ ᠬᠢᠭᠰᠡᠨ ᠠᠭᠤᠯᠵᠠᠯᠲᠠ ᠶᠢᠨ ᠦᠷ᠎ᠡ ᠳ᠋ᠦᠩ ᠳᠦ ᠲᠥᠷᠦ ᠶᠢᠨ ᠦᠢᠯᠡᠴᠢᠯᠡᠭᠡ ᠶᠢ ᠰᠢᠭᠤᠷᠬᠠᠢ ᠬᠦᠷᠭᠡᠬᠦ ᠡᠭᠦᠳᠡᠨ ᠡᠴᠡ ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠺᠣᠨᠰᠤᠶᠢᠯ ᠤᠨ ᠬᠡᠯᠲᠡᠰ ᠦᠨ ᠪᠠᠶᠢᠷᠢᠨ ᠳᠤ 《ᠬᠤᠷᠳᠠᠨ》 ᠲᠦᠼ ᠮᠠᠰᠢᠨ ᠪᠠᠶᠢᠷᠢᠯᠠᠭᠤᠯᠬᠤ᠂ ᠴᠠᠬᠢᠮ ᠭᠠᠷ ᠤᠨ ᠦᠰᠦᠭ ᠠᠰᠢᠭᠯᠠᠬᠤ ᠠᠰᠠᠭᠤᠳᠠᠯ ᠢ ᠰᠤᠳᠤᠯᠵᠤ᠂ ᠰᠢᠢᠳᠪᠦᠷᠢᠯᠡᠬᠦ ᠡᠭᠦᠷᠭᠡ ᠶᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ ᠳᠤ ᠳᠠᠭᠠᠭᠠᠯᠭᠠᠭᠰᠠᠨ᠃

ᠡᠨᠡ ᠬᠦᠷᠢᠶᠡᠨ ᠳᠦ ᠼᠠ᠊ ᠬᠥ᠊ ᠬᠠ᠊ ᠬᠣ᠊-ᠤ ᠳᠡᠳ᠋ ᠰᠠᠶᠢᠳ ᠵ ∙ ᠡᠷᠬᠢᠮᠪᠠᠭᠠᠲᠤᠷ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠪᠦ᠊ ᠨᠠ᠊ ᠰᠣ᠊ ᠤ- ᠍ᠤᠨ ᠰᠭᠦᠯ ᠬᠣᠲᠠᠳ ᠠᠵᠢᠯᠯᠠᠵᠤ᠂ ᠥᠨᠥᠳᠥᠷ /᠒᠐᠒᠓.᠐᠓.᠒᠐/ ᠮᠣᠩᠭᠣᠯ ᠤᠯᠤᠰ ᠠᠴᠠ ᠪᠦ᠊ ᠨᠠ᠊ ᠰᠣ᠊ ᠤ-ᠤᠨ ᠰᠭᠦᠯ ᠬᠣᠲᠠᠳ ᠰᠠᠭᠤᠭ᠎ᠠ ᠡᠯᠴᠢᠨ ᠰᠠᠶᠢᠳ ᠤᠨ ᠶᠠᠮᠤᠨ ᠤ ᠺᠣᠨᠰᠤᠶᠢᠯ ᠤᠨ ᠬᠡᠯᠲᠡᠰ ᠦᠨ ᠪᠠᠶᠢᠷᠢᠨ ᠳᠤ ᠠᠩᠬᠠᠨ ᠤ 《ᠬᠤᠷᠳᠠᠨ》 ᠲᠥᠷᠦ ᠶᠢᠨ ᠦᠢᠯᠡᠴᠢᠯᠡᠭᠡᠨ ᠦ ᠴᠡᠭ ᠦᠨ ᠦᠢᠯᠡ ᠠᠵᠢᠯᠯᠠᠭ᠎ᠠ ᠶᠢ ᠨᠡᠭᠡᠭᠡᠯ᠎ᠡ᠃ ᠲᠤᠰ ᠭᠠᠵᠠᠷ ᠢᠶᠠᠷ ᠰᠠᠷ᠎ᠠ ᠳᠤ ᠬᠣᠶᠠᠷ ᠮᠢᠩᠭ᠎ᠠ ᠭᠠᠷᠤᠢ ᠢᠷᠭᠡᠨ ᠦᠢᠯᠡᠴᠢᠯᠡᠭᠦᠯᠳᠡᠭ ᠪᠠᠶᠢᠨ᠎ᠠ᠃ ᠢᠩᠭᠢᠭᠰᠡᠨ ᠢᠶᠡᠷ ᠪᠦ᠊ ᠨᠠ᠊ ᠰᠣ᠊ ᠤ᠊ ᠍-ᠲᠤ ᠣᠷᠣᠰᠢᠨ ᠰᠠᠭᠤᠵᠤ ᠪᠠᠶᠢᠭ᠎ᠠ ᠕᠓ ᠮᠢᠩᠭ᠎ᠠ ᠭᠠᠷᠤᠢ ᠮᠣᠩᠭᠣᠯ ᠢᠷᠭᠡᠨ ᠦᠢᠯᠡᠴᠢᠯᠡᠭᠡᠨ ᠦ ᠣᠫᠧᠷᠠᠲ᠋ᠣᠷ ᠠᠴᠠ ᠔᠔᠐ ᠲᠥᠷᠦᠯ ᠦᠨ ᠦᠢᠯᠡᠴᠢᠯᠡᠭᠡ᠂ ᠺᠢᠣᠰᠺ ᠮᠠᠰᠢᠨ ᠠᠴᠠ ᠗᠐ ᠭᠠᠷᠤᠢ ᠲᠥᠷᠦᠯ ᠦᠨ ᠯᠠᠪᠯᠠᠭᠠᠭ᠎ᠠ᠂ᠲᠣᠳᠣᠷᠬᠠᠶᠢᠯᠠᠯᠲᠠ᠂ ᠲᠣᠭᠠᠨ ᠭᠠᠷ ᠤᠨ ᠦᠰᠦᠭ ᠢᠶᠡᠨ ᠦᠨ᠎ᠡ ᠲᠥᠯᠦᠪᠦᠷᠢ ᠦᠭᠡᠢ᠂ ᠰᠢᠭᠤᠷᠬᠠᠢ ᠠᠪᠬᠤ ᠪᠣᠯᠤᠮᠵᠢ ᠪᠦᠷᠢᠳᠦᠯ᠎ᠡ᠃

ᠼᠠ᠊ ᠬᠥ᠊ ᠬᠠ᠊ ᠬᠣ᠊-ᠤ ᠳᠡᠳ᠋ ᠰᠠᠶᠢᠳ ᠵ ∙ ᠡᠷᠬᠢᠮᠪᠠᠭᠠᠲᠤᠷ᠄ ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠣᠶᠤᠨ-ᠡᠷᠳᠡᠨᠢ ᠶᠢᠨ ᠥᠭᠭᠦᠭᠰᠡᠨ ᠡᠭᠦᠷᠭᠡ᠂ ᠳᠠᠭᠠᠭᠠᠯᠭᠠᠪᠤᠷᠢ ᠬᠡᠷᠡᠭᠵᠢᠵᠦ ᠪᠦ᠊ ᠨᠠ᠊ ᠰᠣ᠊᠊ ᠤ᠊-᠊ᠳᠤ 《ᠬᠤᠷᠳᠠᠨ》 ᠲᠥᠷᠦ ᠶᠢᠨ ᠦᠢᠯᠡᠴᠢᠯᠡᠭᠡᠨ ᠦ ᠴᠡᠭ ᠢ ᠨᠡᠭᠡᠭᠡᠵᠦ ᠪᠠᠶᠢᠨ᠎ᠠ᠃ ᠢᠩᠭᠢᠭᠰᠡᠨ ᠢᠶᠡᠷ ᠡᠨᠳᠡ ᠠᠵᠢᠯᠯᠠᠵᠤ᠂ ᠠᠮᠢᠳᠤᠷᠠᠵᠤ ᠪᠠᠶᠢᠭ᠎ᠠ ᠢᠷᠭᠡᠳ ᠮᠠᠨᠢ ᠲᠥᠷᠥ ᠶᠢᠨ ᠦᠢᠯᠡᠴᠢᠯᠡᠭᠡ ᠶᠢ ᠣᠶᠢᠷ᠎ᠠ ᠠᠴᠠ᠂ ᠬᠢᠯᠪᠠᠷᠬᠠᠨ ᠠᠪᠴᠤ᠂ ᠴᠠᠭ ᠬᠤᠭᠤᠴᠠᠭ᠎ᠠ᠂ ᠣᠷᠣᠨ ᠵᠠᠶᠢᠨ ᠠᠴᠠ ᠦᠯᠦ ᠬᠠᠮᠢᠶᠠᠷᠤᠨ ᠲᠥᠷᠥ ᠶᠢᠨ ᠦᠢᠯᠡᠴᠢᠯᠡᠭᠡ ᠶᠢ ᠠᠪᠴᠤ ᠡᠬᠢᠯᠡᠯ᠎ᠡ᠃ ᠪᠢᠳᠡ ᠴᠢᠨᠠᠭᠰᠢᠳᠠ ᠦᠢᠯᠡᠴᠢᠯᠡᠭᠡᠨ ᠦ ᠲᠥᠷᠥᠯ᠂ ᠲᠣᠭ᠎ᠠ ᠶᠢ ᠨᠡᠮᠡᠭᠳᠡᠭᠦᠯᠵᠦ᠂ ᠒᠐᠒᠓ ᠣᠨ ᠭᠡᠬᠦ ᠳᠦ ᠕᠕ ᠪᠠᠶᠢᠭᠤᠯᠤᠯᠭ᠎ᠠ ᠶᠢᠨ ᠘᠐᠐ ᠣᠷᠴᠢᠮ ᠦᠢᠯᠡᠴᠢᠯᠡᠭᠡ ᠶᠢ ᠲᠥᠷᠥ ᠶᠢᠨ ᠴᠠᠬᠢᠮ ᠦᠢᠯᠡᠴᠢᠯᠡᠭᠡᠨ ᠦ 《ᠬᠤᠷᠳᠠᠨ》 ᠴᠡᠭ ᠢᠶᠡᠷ ᠬᠦᠷᠭᠡᠬᠦ ᠪᠡᠷ ᠠᠵᠢᠯᠯᠠᠵᠤ ᠪᠠᠶᠢᠨ᠎ᠠ᠃

ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠡ᠊ ∙ ᠰᠠᠷᠠᠨᠲ᠋ᠣᠭᠣᠰ᠄ ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠣᠶᠤᠨ-ᠡᠷᠳᠡᠨᠢ ᠪᠦ᠊ ᠨᠠ᠊ ᠰᠣ᠊ ᠣ᠊-᠊ᠳ ᠠᠯᠪᠠᠨ ᠶᠣᠰᠣᠨ ᠤ ᠠᠶᠢᠯᠴᠢᠯᠠᠯ ᠬᠢᠬᠦ ᠳᠦ ᠪᠡᠨ ᠡᠨᠳᠡ ᠣᠷᠣᠰᠢᠨ ᠰᠠᠭᠤᠵᠤ ᠪᠠᠶᠢᠭ᠎ᠠ ᠮᠣᠩᠭᠣᠯ ᠢᠷᠭᠡᠳ ᠲᠦ ᠨᠡᠩ ᠲᠤᠯᠭᠠᠮᠳᠠᠵᠤ ᠪᠠᠶᠢᠭ᠎ᠠ ᠑᠐ ᠠᠰᠠᠭᠤᠳᠠᠯ ᠢ ᠰᠢᠢᠳᠪᠦᠷᠢᠯᠡᠬᠦ ᠪᠡᠷ ᠪᠣᠯᠤᠭᠰᠠᠨ᠃ ᠡᠨᠡ ᠑᠐ ᠠᠰᠠᠭᠤᠳᠠᠯ ᠤᠨ ᠨᠢᠭᠡ ᠨᠢ ᠲᠥᠷᠦ ᠶᠢᠨ ᠴᠠᠬᠢᠮ ᠦᠢᠯᠡᠴᠢᠯᠡᠭᠡ ᠲᠡᠢ ᠬᠣᠯᠪᠣᠭ᠎ᠠ ᠲᠠᠢ ᠪᠠᠶᠢᠭᠰᠠᠨ᠃ ᠥᠨᠥᠳᠥᠷ ᠡᠨᠡ ᠠᠰᠠᠭᠤᠳᠠᠯ ᠰᠢᠢᠳᠦᠭᠳᠡᠵᠦ ᠮᠣᠩᠭᠣᠯ ᠤᠯᠤᠰ ᠠᠴᠠ ᠪᠦ᠊ ᠨᠠ᠊ ᠰᠣ᠊ ᠣ᠊-᠊ᠳᠦ ᠰᠠᠭᠤᠭ᠎ᠠ ᠡᠯᠴᠢᠨ ᠰᠠᠶᠢᠳ ᠤᠨ ᠶᠠᠮᠤᠨ ᠤ ᠺᠣᠨᠰᠤᠶᠢᠯ ᠤᠨ ᠬᠡᠯᠲᠡᠰ ᠦᠨ ᠪᠠᠶᠢᠷᠢᠨ ᠳᠤ 《ᠬᠤᠷᠳᠠᠨ》 ᠲᠥᠷᠥ ᠶᠢᠨ ᠦᠢᠯᠡᠴᠢᠯᠡᠭᠡᠨ ᠦ ᠴᠡᠭ ᠨᠡᠭᠡᠭᠡᠭᠳᠡᠵᠦ᠂ ᠶᠡᠷᠦᠩᠬᠡᠢ ᠰᠠᠶᠢᠳ ᠤᠨ ᠠᠮᠠᠯᠠᠯᠲᠠ ᠨᠢᠭᠡ ᠰᠠᠷ᠎ᠠ ᠶᠢᠨ ᠳᠠᠷᠠᠭ᠎ᠠ ᠬᠡᠷᠡᠭᠵᠢᠵᠦ ᠪᠠᠶᠢᠨ᠎ᠠ᠃ ᠢᠩᠭᠢᠭᠰᠡᠨ ᠢᠶᠡᠷ ᠮᠣᠩᠭᠣᠯ ᠢᠷᠭᠡᠳ ᠮᠠᠨᠢ ᠲᠥᠷᠦ ᠶᠢᠨ ᠦᠢᠯᠡᠴᠢᠯᠡᠭᠡ ᠪᠡᠨ ᠲᠥᠪᠡᠭ᠂ ᠴᠢᠷᠭᠳᠡᠯ ᠦᠭᠡᠢ᠂ ᠬᠤᠷᠳᠤᠨ ᠰᠢᠭᠤᠷᠬᠠᠢ ᠠᠪᠬᠤ ᠪᠣᠯᠤᠮᠵᠢ ᠪᠦᠷᠢᠳᠴᠦ ᠪᠠᠶᠢᠭᠠᠳ ᠲᠠᠯᠠᠷᠬᠠᠯ ᠲᠠᠢ ᠪᠠᠶᠢᠨ᠎ᠠ᠃ ᠪᠢᠳᠡ ᠢᠷᠭᠡᠳ ᠲᠦ ᠪᠡᠨ ᠮᠡᠳᠡᠭᠡ᠂ ᠮᠡᠳᠡᠭᠡᠯᠡᠯ ᠢ ᠲᠦᠭᠡᠭᠡᠬᠦ ᠳᠦ ᠠᠩᠬᠠᠷᠴᠤ ᠠᠵᠢᠯᠯᠠᠨ᠎ᠠ ᠠ᠃

ᠡᠨᠡ ᠦᠶ᠎ᠡ ᠪᠡᠷ ᠼᠠ᠊ ᠬᠥ᠊ ᠬᠠ᠊ ᠬᠣ᠊-ᠤ ᠳᠡᠳ᠋ ᠰᠠᠶᠢᠳ ᠵ ∙ ᠡᠷᠬᠢᠮᠪᠠᠭᠠᠲᠤᠷ ᠶᠠᠮᠤᠨ ᠤ ᠪᠣᠳᠣᠯᠭ᠎ᠠ᠂ ᠬᠢᠵᠦ ᠬᠡᠷᠡᠭᠵᠢᠭᠦᠯᠵᠦ ᠪᠠᠶᠢᠭ᠎ᠠ ᠠᠵᠢᠯ ᠢᠶᠠᠨ ᠢᠷᠭᠡᠳ ᠲᠦ ᠲᠠᠨᠢᠯᠴᠠᠭᠤᠯᠵᠤ᠂ ᠰᠠᠨᠠᠯ᠂ ᠬᠦᠰᠡᠯᠲᠡ ᠶᠢ ᠨᠢ ᠬᠦᠯᠢᠶᠡᠨ ᠠᠪᠴᠤ ᠠᠵᠢᠯ ᠬᠡᠷᠡᠭ ᠪᠣᠯᠭᠠᠬᠤ ᠳᠤ ᠠᠩᠬᠠᠷᠴᠤ ᠠᠵᠢᠯᠯᠠᠨ᠎ᠠ ᠭᠡᠰᠡᠨ ᠶᠤᠮ. 《ᠬᠤᠷᠳᠠᠨ》 ᠲᠥᠷᠥ ᠶᠢᠨ ᠦᠢᠯᠡᠴᠢᠯᠡᠭᠡᠨ ᠦ ᠴᠡᠭ ᠢ ᠮᠥᠨ ᠪᠦ᠊ ᠨᠠ᠊ ᠰᠣ᠊ ᠣ᠊-ᠤᠨ ᠰᠭᠦᠯ ᠬᠣᠲᠠ ᠳᠠᠬᠢ ᠬᠥᠳᠡᠯᠮᠦᠷᠢ᠂ ᠨᠡᠶᠢᠭᠡᠮ ᠤᠨ ᠬᠠᠮᠠᠭᠠᠯᠠᠯ ᠤᠨ ᠦᠢᠯᠡᠴᠢᠯᠡᠭᠡᠨ ᠦ ᠲᠥᠪ ᠦᠨ ᠪᠠᠶᠢᠷᠢ ᠪᠣᠯᠤᠨ ᠪᠤᠰᠤᠨ ᠳᠠᠬᠢ ᠺᠣᠨᠰᠤᠶᠢᠯ ᠤᠨ ᠭᠠᠵᠠᠷ ᠲᠤ ᠨᠡᠭᠡᠭᠡᠨ᠎ᠡ᠃

ᠲᠥᠷᠥ ᠶᠢᠨ ᠤᠯᠠᠮᠵᠢᠯᠠᠯᠲᠤ ᠦᠢᠯᠡᠴᠢᠯᠡᠭᠡ ᠶᠢ ᠰᠢᠨ᠎ᠡ ᠱᠠᠲᠤᠨ ᠳᠤ ᠭᠠᠷᠭᠠᠵᠤ ᠲᠥᠷᠥ ᠶᠢᠨ ᠦᠢᠯᠡᠴᠢᠯᠡᠭᠡᠨ ᠦ ᠨᠡᠷ᠎ᠡ ᠲᠥᠷᠥᠯ᠂ ᠴᠢᠨᠠᠷ᠂ ᠰᠲ᠋ᠠᠨᠳᠠᠷᠲ᠂ ᠬᠦᠷᠲᠡᠭᠡᠮᠵᠢ ᠶᠢ ᠰᠠᠶᠢᠵᠢᠷᠠᠭᠤᠯᠬᠤ ᠦᠨᠳᠦᠰᠦᠨ ᠴᠢᠭ ᠡᠭᠦᠷᠭᠡ ᠪᠦᠬᠦᠢ ᠲᠥᠷᠥ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠴᠢᠨᠠᠭᠰᠢᠳᠠ ᠪᠤᠰᠤᠳ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠺᠣᠨᠰᠤᠶᠢᠯ ᠤᠨ ᠭᠠᠵᠠᠷ ᠤᠳ ᠢᠶᠠᠷ ᠳᠠᠮᠵᠢᠭᠤᠯᠤᠨ ᠲᠥᠷᠥ ᠶᠢᠨ ᠦᠢᠯᠡᠴᠢᠯᠡᠭᠡ ᠶᠢ ᠢᠷᠭᠡᠳ ᠲᠦ ᠪᠡᠨ ᠬᠤᠷᠳᠤᠨ᠂ ᠰᠢᠭᠤᠷᠬᠠᠢ ᠬᠦᠷᠭᠡᠬᠦ ᠲᠠᠯ᠎ᠠ ᠳᠡᠭᠡᠷ᠎ᠡ ᠠᠩᠬᠠᠷᠤᠯ ᠬᠠᠨᠳᠤᠭᠤᠯᠤᠨ ᠠᠵᠢᠯᠯᠠᠵᠤ ᠪᠠᠶᠢᠨ᠎ᠠ᠃