ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠳᠡᠳ᠋ ᠰᠠᠶᠢᠳ ᠵ ∙ ᠡᠷᠬᠢᠮᠪᠠᠭᠠᠲᠤᠷ ᠪᠦ᠊ ᠨᠠ᠊ ᠰᠣ᠊ ᠤ᠊-᠊ᠳᠤ ᠠᠵᠢᠯ ᠤᠨ ᠠᠶᠢᠯᠴᠢᠯᠠᠯ ᠬᠢᠵᠦ ᠪᠠᠶᠢᠨ᠎ᠠ᠃ ᠡᠨᠡ ᠬᠦᠷᠢᠶᠡᠨ ᠳᠦ ᠲᠤᠰ ᠤᠯᠤᠰ ᠤᠨ ᠮᠡᠳᠡᠭᠡᠯᠡᠯ ᠦᠨ ᠨᠡᠶᠢᠭᠡᠮ ᠤᠨ ᠬᠥᠭᠵᠢᠯ ᠦᠨ ᠢᠨᠰᠲ᠋ᠢᠲ᠋ᠦᠶᠢᠲ ᠦᠨ ᠶᠡᠷᠦᠩᠬᠡᠶᠢᠯᠡᠭᠴᠢ ᠭᠪᠤᠨ ᠬᠤ ᠶᠡᠯ ᠲᠠᠢ ᠥᠨᠥᠳᠥᠷ /᠒᠐᠒᠓.᠐᠓.᠒᠒/ ᠠᠭᠤᠯᠵᠠᠯ᠎ᠠ᠃

ᠠᠭᠤᠯᠵᠠᠯᠲᠠ ᠶᠢᠨ ᠡᠬᠢᠨ ᠳᠦ ᠼᠠ᠊ ᠬᠥ᠊ ᠬᠠ᠊ ᠬᠣ᠊-ᠤ᠊ ᠳᠡᠳ᠋ ᠰᠠᠶᠢᠳ ᠵ ∙ ᠡᠷᠬᠢᠮᠪᠠᠭᠠᠲᠤᠷ ᠶᠠᠮᠤᠨ ᠤ ᠪᠣᠳᠣᠯᠭ᠎ᠠ᠂ ᠬᠢᠵᠦ᠂ ᠬᠡᠷᠡᠭᠵᠢᠭᠦᠯᠵᠦ ᠪᠠᠶᠢᠭ᠎ᠠ ᠠᠵᠢᠯ ᠢᠶᠠᠨ ᠲᠠᠨᠢᠯᠴᠠᠭᠤᠯᠵᠤ᠂ ᠡᠮᠦᠨ᠎ᠡ ᠨᠢ ᠣᠯᠠᠨ ᠲᠥᠰᠥᠯ᠂ ᠬᠥᠲᠥᠯᠪᠦᠷᠢ ᠳᠦ ᠠᠮᠵᠢᠯᠲᠠᠲᠠᠢ ᠬᠠᠮᠲᠤᠷᠠᠨ ᠠᠵᠢᠯᠯᠠᠭᠰᠠᠨ ᠳᠤ ᠲᠠᠯᠠᠷᠬᠠᠯ ᠢᠯᠡᠷᠬᠡᠶᠢᠯᠡᠯ᠎ᠡ᠃ ᠮᠥᠨ ᠴᠠᠭᠠᠰᠢᠳᠠ ᠬᠠᠮᠲᠤ ᠶᠢᠨ ᠠᠵᠢᠯᠯᠠᠭ᠎ᠠ ᠶᠢ ᠪᠠᠨ ᠢᠳᠡᠪᠬᠢᠵᠢᠭᠦᠯᠵᠦ᠂ ᠺᠢᠪᠧᠷ ᠠᠶᠤᠯ ᠦᠭᠡᠢ ᠪᠠᠶᠢᠳᠠᠯ ᠢ ᠬᠠᠩᠭᠠᠬᠤ ᠨᠡᠶᠢᠲᠡ ᠶᠢᠨ ᠲᠥᠪ ᠪᠠᠶᠢᠭᠤᠯᠬᠤ᠂ ᠬᠠᠷᠢᠯᠴᠠᠭ᠎ᠠ ᠬᠣᠯᠪᠣᠭᠠᠨ ᠤ ᠬᠠᠤᠯᠢ᠂ ᠣᠯᠠᠨ ᠨᠡᠶᠢᠲᠡ ᠶᠢᠨ ᠰᠦᠯᠵᠢᠶᠡᠨ ᠳᠦ ᠬᠦᠮᠦᠨ ᠦ ᠡᠷᠬᠡ ᠶᠢ ᠬᠠᠮᠠᠭᠠᠯᠠᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠰᠠᠨᠠᠯ ᠲᠠᠢ ᠪᠠᠶᠢᠭ᠎ᠠ ᠪᠠᠨ ᠢᠯᠡᠷᠬᠡᠶᠢᠯᠡᠭᠰᠡᠨ ᠶᠤᠮ᠃

ᠪᠦ᠊ ᠨᠠ᠊ ᠰᠣ᠊ ᠤ-ᠤᠨ ᠮᠡᠳᠡᠭᠡᠯᠡᠯ ᠦᠨ ᠨᠡᠶᠢᠭᠡᠮ ᠤᠨ ᠬᠥᠭᠵᠢᠯ ᠦᠨ ᠢᠨᠰᠲ᠋ᠢᠲ᠋ᠦᠶᠢᠲ ᠦᠨ ᠶᠡᠷᠦᠩᠬᠡᠶᠢᠯᠡᠭᠴᠢ ᠭᠪᠤᠨ ᠬᠤ ᠶᠡᠯ ᠬᠦᠷᠢᠶᠡᠯᠡᠩ ᠦᠨ ᠢᠶᠡᠨ ᠲᠤᠬᠠᠢ ᠲᠠᠨᠢᠯᠴᠠᠭᠤᠯᠵᠤ᠂ ᠳᠡᠭᠡᠷᠡᠬᠢ ᠰᠠᠨᠠᠯ ᠤᠳ ᠢ ᠬᠦᠯᠢᠶᠡᠨ ᠠᠪᠴᠤ᠂ ᠬᠠᠮᠲᠤᠷᠠᠨ ᠠᠵᠢᠯᠯᠠᠨ᠎ᠠ ᠭᠡᠳᠡᠭ ᠢᠶᠡᠨ ᠢᠯᠡᠷᠬᠡᠶᠢᠯᠡᠯ᠎ᠡ᠃ ᠡᠨᠡ ᠬᠦᠷᠢᠶᠡᠨ ᠳᠦ ᠬᠠᠮᠲᠤᠷᠠᠭᠰᠠᠨ ᠠᠵᠢᠯ ᠤᠨ ᠬᠡᠰᠡᠭ ᠦᠨ ᠪᠦᠷᠢᠯᠳᠦᠬᠦᠨ ᠢᠷᠡᠬᠦ ᠳᠠᠸᠠ ᠭᠠᠷᠠᠭ ᠲᠤ ᠤᠯᠠᠭᠠᠨᠪᠠᠭᠠᠲᠤᠷ ᠬᠣᠲᠠᠳ ᠠᠭᠤᠯᠵᠠᠬᠤ ᠪᠠᠷ ᠪᠣᠯᠤᠯ᠎ᠠ᠃

ᠮᠥᠨ ᠼᠠ᠊ ᠬᠥ᠊ ᠬᠠ᠊ ᠬᠣ᠊-ᠤ ᠳᠡᠳ᠋ ᠰᠠᠶᠢᠳ ᠵ ∙ ᠡᠷᠬᠢᠮᠪᠠᠭᠠᠲᠤᠷ ᠢᠷᠡᠬᠦ ᠖ ᠳᠦᠭᠡᠷ ᠰᠠᠷ᠎ᠠ ᠳᠤ ᠪᠣᠯᠬᠤ ICT Expo ᠍ ᠳᠦ ᠭᠪᠤᠨ ᠬᠤ ᠶᠡᠯ ᠶᠡᠷᠦᠩᠬᠡᠶᠢᠯᠡᠭᠴᠢ ᠶᠢ ᠣᠷᠣᠯᠴᠠᠬᠤ ᠶᠢ ᠤᠷᠢᠵᠤ᠂ ᠲᠡᠷᠡ ᠪᠡᠷ᠎ᠡ ᠤᠷᠢᠯᠭ᠎ᠠ ᠶᠢ ᠬᠦᠯᠢᠶᠡᠨ ᠠᠪᠤᠯ᠎ᠠ

