ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠂ ᠠᠦᠢᠰᠲᠷᠢ ᠤᠯᠤᠰ ᠤᠨ ᠬᠣᠯᠪᠣᠭᠠᠨ ᠤ ᠰᠠᠩ ᠤᠨ ᠶᠠᠮᠤᠨ ᠤ ᠲᠥᠷᠦ ᠶᠢᠨ ᠨᠠᠷᠢᠨ ᠪᠢᠴᠢᠭ ᠦᠨ ᠳᠠᠷᠤᠭ᠎ᠠ᠂ ᠴᠠᠬᠢᠮ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠵᠠᠰᠠᠭ ᠤᠨ ᠭᠠᠵᠠᠷ ᠤᠨ ᠭᠡᠰᠢᠭᠦᠨ ᠹᠯᠣᠷᠢᠨ ᠲᠤᠷᠤᠰᠺᠢ ᠲᠡᠢ ᠸᠸᠨᠠ ᠬᠣᠲᠠᠨ ᠢᠶᠠᠨ ᠠᠯᠪᠠᠨ ᠠᠭᠤᠯᠵᠠᠯᠲᠠ ᠬᠢᠯ᠎ᠡ


ᠠᠭᠤᠯᠵᠠᠯᠲᠠ ᠶᠢᠨ ᠬᠦᠷᠢᠶᠡᠨ ᠳᠦ ᠴᠠᠬᠢᠮ ᠬᠥᠭᠵᠢᠯ᠂ ᠲᠡᠭᠦᠨ ᠦ ᠳᠣᠲᠣᠷ᠎ᠠ ᠴᠠᠬᠢᠮ ᠤᠷᠴᠢᠨ ᠳᠤ ᠬᠦᠮᠦᠨ ᠦ ᠡᠷᠬᠡ ᠶᠢ ᠬᠠᠮᠠᠭᠠᠯᠠᠬᠤ᠂ ᠴᠠᠬᠢᠮ ᠪᠣᠯᠪᠠᠰᠤᠷᠠᠯ ᠢ ᠬᠥᠭᠵᠢᠭᠦᠯᠬᠦ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠳᠤ ᠬᠤᠪ ᠤᠨ ᠬᠡᠪᠰᠢᠯ ᠦᠨ ᠣᠷᠣᠯᠴᠠᠭ᠎ᠠ ᠶᠢ ᠨᠡᠮᠡᠭᠳᠡᠭᠦᠯᠵᠦ᠂ ᠳᠡᠮᠵᠢᠬᠦ ᠵᠡᠷᠭᠡ ᠴᠢᠭᠯᠡᠯ ᠳᠦ ᠬᠠᠮᠲᠤᠷᠠᠨ ᠠᠵᠢᠯᠯᠠᠬᠤ ᠪᠣᠯᠤᠮᠵᠢ ᠶᠢᠨ ᠲᠠᠯ᠎ᠠ ᠪᠠᠷ ᠰᠠᠨᠠᠯ ᠰᠤᠯᠢᠯᠴᠠᠪᠠ᠃

ᠠᠭᠤᠯᠵᠠᠯᠲᠠ ᠶᠢᠨ ᠦᠶ᠎ᠡ ᠪᠡᠷ ᠡᠨᠡ ᠣᠨ ᠤ ᠖ ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠣᠲᠠᠳ ᠪᠣᠯᠬᠤ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠣᠯᠠᠨ ᠤᠯᠤᠰ ᠤᠨ ᠦᠵᠡᠰᠬᠦᠯᠡᠩ᠂ ᠬᠥᠷᠥᠩᠭᠡ ᠣᠷᠣᠭᠤᠯᠤᠭᠴᠢᠳ ᠤᠨ ᠴᠢᠭᠤᠯᠭ᠎ᠠ ᠠᠭᠤᠯᠵᠠᠯᠲᠠ ᠳᠤ ᠠᠦᠢᠰᠲᠷᠢ ᠶᠢᠨ ᠲᠥᠯᠥᠭᠡᠯᠡᠭᠴᠢᠳ ᠢ ᠣᠷᠣᠯᠴᠠᠬᠤ ᠶᠢ ᠤᠷᠢᠯ᠎ᠠ᠃

Mining to Mind᠃

#MineGoliaToMindGolia

ᠨᠡᠶᠢᠲᠡᠯᠡᠭᠰᠡᠨ᠄