ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠮᠣᠩᠭᠣᠯ᠂ ᠠᠦᠢᠰᠲᠷᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠘ ᠳ᠋ᠤᠭᠠᠷ ᠬᠤᠷᠠᠯᠳᠤᠭᠠᠨ ᠒᠐᠒᠓ ᠣᠨ ᠤ ᠓ ᠳ᠋ᠤᠭᠠᠷ ᠰᠠᠷ᠎ᠠ ᠶᠢᠨ ᠒᠑ ᠍ ᠦ ᠡᠳᠦᠷ ᠸᠸᠨᠠ ᠬᠣᠲᠣᠩ ᠢᠶᠠᠨ ᠪᠣᠯᠤᠯ᠎ᠠ᠃ ᠬᠤᠷᠠᠯᠳᠤᠭᠠᠨ ᠢ ᠮᠣᠩᠭᠣᠯ ᠤᠨ ᠲᠠᠯ᠎ᠠ ᠠᠴᠠ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ᠂ ᠠᠦᠢᠰᠲᠷᠢ ᠶᠢᠨ ᠲᠠᠯ᠎ᠠ ᠠᠴᠠ ᠬᠥᠳᠡᠯᠮᠦᠷᠢ᠂ ᠡᠳ᠋ ᠍ ᠦᠨ ᠵᠠᠰᠠᠭ ᠤᠨ ᠶᠠᠮᠤᠨ ᠤ ᠣᠯᠠᠨ ᠤᠯᠤᠰ ᠤᠨ ᠡᠳ᠋ ᠍ ᠦᠨ ᠵᠠᠰᠠᠭ ᠤᠨ ᠬᠠᠷᠢᠯᠴᠠᠭᠠᠨ ᠤ ᠭᠠᠵᠠᠷ ᠤᠨ ᠶᠡᠷᠦᠩᠬᠡᠢ ᠵᠠᠬᠢᠷᠤᠯ ᠹᠷᠠᠨᠼᠢ ᠸᠧᠰᠰᠢᠭ ᠨᠠᠷ ᠬᠠᠮᠲᠤᠷᠠᠨ ᠤᠳᠤᠷᠢᠳᠴᠤ ᠶᠠᠪᠤᠭᠤᠯᠪᠠ᠃
ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠬᠤᠷᠠᠯᠳᠤᠭᠠᠨ ᠢᠶᠠᠷ ᠴᠠᠬᠢᠮ ᠬᠥᠭᠵᠢᠯ᠂ ᠠᠭᠤᠯᠠ ᠠᠭᠤᠷᠬᠠᠢ᠂ ᠰᠠᠩᠬᠦᠦ᠂ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ᠂ ᠪᠠᠶᠢᠭᠠᠯᠢ ᠣᠷᠴᠢᠨ᠂ ᠠᠦ᠋ᠲ᠋ᠣ᠋ ᠲᠡᠭᠡᠭᠡᠪᠦᠷᠢ ᠪᠣᠯᠤᠨ ᠪᠠᠷᠢᠯᠭ᠎ᠠ ᠬᠣᠲᠠ ᠪᠠᠶᠢᠭᠤᠯᠤᠯᠲᠠ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠠᠯ᠎ᠠ ᠪᠠᠷ ᠳᠡᠯᠭᠡᠷᠡᠩᠭᠦᠢ ᠬᠡᠯᠡᠯᠴᠡᠪᠡ᠃ ᠲᠤᠬᠠᠶᠢᠯᠠᠪᠠᠯ᠂ 《ᠰᠢᠨ᠎ᠡ ᠵᠠᠭᠤᠨ ᠮᠣᠳᠣ》 ᠲᠥᠰᠥᠯ᠂ ᠭᠡᠷ ᠬᠣᠷᠢᠶᠠᠯᠠᠯ ᠤᠨ ᠪᠥᠰᠡ ᠳᠦ ᠥᠨᠳᠥᠷ ᠬᠤᠷᠳᠤᠨ ᠤ ᠢᠨᠲ᠋ᠧᠷᠨᠡᠲ ᠨᠡᠪᠲᠡᠷᠡᠭᠦᠯᠬᠦ ᠲᠥᠰᠥᠯ ᠢ ᠮᠣᠩᠭᠣᠯ ᠤᠨ ᠲᠠᠯ᠎ᠠ ᠲᠠᠨᠢᠯᠴᠠᠭᠤᠯᠵᠤ᠂ ᠰᠠᠨᠠᠯ ᠰᠤᠯᠢᠯᠴᠠᠪᠠ᠃

ᠲᠡᠭᠦᠨᠴᠢᠯᠡᠨ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠶᠢᠨ ᠰᠢᠢᠳᠦᠯ ᠢ ᠲᠥᠷᠦ ᠶᠢᠨ ᠦᠢᠯᠡᠴᠢᠯᠡᠭᠡᠨ ᠳᠦ ᠨᠡᠪᠲᠡᠷᠡᠭᠦᠯᠵᠦ᠂ ᠴᠠᠬᠢᠮ ᠵᠠᠰᠠᠭᠯᠠᠯ ᠢ ᠬᠥᠭᠵᠢᠭᠦᠯᠬᠦ ᠳᠦ ᠬᠠᠷᠢᠯᠴᠠᠨ ᠲᠤᠷᠰᠢᠯᠭ᠎ᠠ ᠰᠣᠯᠢᠯᠴᠠᠬᠤ ᠥᠷᠭᠡᠨ ᠪᠣᠯᠤᠮᠵᠢ ᠪᠠᠶᠢᠭ᠎ᠠ ᠶᠢ ᠨᠣᠲᠠᠯᠠᠵᠤ᠂ ᠬᠣᠯᠪᠣᠭᠳᠠᠬᠤ ᠪᠠᠶᠢᠭᠤᠯᠤᠯᠭ᠎ᠠ ᠨᠤᠭᠤᠳ ᠬᠣᠭᠣᠷᠣᠨᠳᠣ ᠶᠢᠨ ᠰᠢᠭᠤᠳ ᠬᠠᠷᠢᠯᠴᠠᠭ᠎ᠠ ᠶᠢ ᠬᠥᠭᠵᠢᠭᠦᠯᠬᠦ ᠳᠦ ᠠᠩᠬᠠᠷᠴᠤ ᠠᠵᠢᠯᠯᠠᠬᠤ ᠪᠠᠷ ᠲᠣᠬᠢᠷᠠᠪᠠ᠃ ᠮᠥᠨ ᠣᠶᠤᠲᠠᠨ ᠰᠣᠯᠢᠯᠴᠠᠭ᠎ᠠ᠂ ᠢᠷᠭᠡᠳ ᠬᠣᠭᠣᠷᠣᠨᠳᠣ ᠶᠢᠨ ᠬᠠᠷᠢᠯᠴᠠᠭ᠎ᠠ᠂ ᠪᠣᠯᠪᠠᠰᠤᠷᠠᠯ᠂ ᠰᠣᠶᠣᠯ᠂ ᠰᠫᠣᠷᠲ ᠤᠨ ᠰᠠᠯᠪᠤᠷᠢ ᠳᠤ ᠬᠡᠷᠡᠭᠵᠢᠭᠦᠯᠬᠦ ᠰᠠᠨᠠᠭᠠᠴᠢᠯᠠᠭ᠎ᠠ ᠶᠢᠨ ᠲᠠᠯ᠎ᠠ ᠪᠠᠷ ᠬᠡᠯᠡᠯᠴᠡᠵᠦ᠂ ᠠᠭᠤᠯᠠ ᠠᠭᠤᠷᠬᠠᠢ᠂ ᠠᠦ᠋ᠲ᠋ᠣ᠋ ᠲᠡᠭᠡᠭᠡᠪᠦᠷᠢ᠂ ᠨᠡᠶᠢᠭᠡᠮ ᠦᠨ ᠬᠠᠮᠠᠭᠠᠯᠠᠯ ᠤᠨ ᠰᠠᠯᠪᠤᠷᠢ ᠶᠢᠨ ᠬᠡᠯᠡᠯᠴᠡᠭᠡᠷ᠂ ᠶᠠᠷᠢᠶ᠎ᠠ ᠬᠡᠯᠡᠴᠡᠯ ᠢ ᠤᠷᠤᠭᠰᠢᠯᠠᠭᠤᠯᠬᠤ ᠪᠠᠨ ᠲᠠᠯ᠎ᠠ ᠨᠤᠭᠤᠳ ᠨᠣᠲᠠᠯᠠᠯ᠎ᠠ᠃

ᠬᠤᠷᠠᠯᠳᠤᠭᠠᠨ ᠤ ᠦᠶ᠎ᠡ ᠪᠡᠷ 《ᠮᠣᠩᠭᠣᠯ-ᠠᠦᠢᠰᠲᠷᠢ ᠶᠢᠨ ᠪᠢᠽᠢᠨ᠋ᠧᠰ ᠹᠣᠷᠣᠮ》 ᠍ ᠢ ᠵᠣᠬᠢᠶᠠᠨ ᠪᠠᠶᠢᠭᠤᠯᠤᠭᠰᠠᠨ ᠪᠠ ᠮᠣᠩᠭᠣᠯ ᠤᠨ ᠑᠐ ᠭᠠᠷᠤᠢ᠂ ᠠᠦᠢᠰᠲᠷᠢ ᠶᠢᠨ ᠔᠐ ᠺᠣᠮᠫᠠᠨᠢ ᠶᠢᠨ ᠲᠥᠯᠥᠭᠡᠯᠡᠯ ᠣᠷᠣᠯᠴᠠᠵᠤ᠂ ᠬᠣᠶᠠᠷ ᠲᠠᠯ᠎ᠠ ᠶᠢᠨ ᠬᠤᠪ ᠤᠨ ᠬᠡᠪᠰᠢᠯ ᠡᠴᠡ ᠳᠡᠪᠰᠢᠭᠦᠯᠦᠭᠰᠡᠨ ᠲᠣᠳᠣᠷᠬᠠᠢ ᠲᠥᠰᠥᠯ᠂ ᠰᠠᠨᠠᠭᠠᠴᠢᠯᠠᠭ᠎ᠠ ᠶᠢ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠬᠤᠷᠠᠯᠳᠤᠭᠠᠨ ᠢᠶᠠᠷ ᠮᠥᠨ ᠬᠡᠯᠡᠯᠴᠡᠪᠡ᠃ ᠬᠣᠶᠠᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠰᠠᠩᠬᠦᠦ ᠶᠢᠨ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠦᠨ ᠬᠦᠷᠢᠶᠡᠨ ᠳᠦ ᠡᠷᠡᠭᠦᠯ ᠮᠡᠨᠳᠦ᠂ ᠬᠦᠮᠦᠨ ᠦ ᠬᠥᠭᠵᠢᠯ᠂ ᠳᠡᠳ᠋ ᠪᠦᠲᠦᠴᠡ ᠶᠢᠨ ᠰᠠᠯᠪᠤᠷᠢ ᠳᠤ ᠣᠯᠠᠨ ᠲᠥᠰᠥᠯ ᠠᠮᠵᠢᠯᠲᠠᠲᠠᠢ ᠬᠡᠷᠡᠭᠵᠢᠵᠦ ᠪᠤᠢ ᠶᠢ ᠲᠠᠯ᠎ᠠ ᠨᠤᠭᠤᠳ ᠣᠨᠴᠠᠯᠠᠵᠤ᠂ ᠬᠠᠪᠤᠳᠠᠷ ᠤᠨ ᠤᠷᠢᠳᠴᠢᠯᠠᠨ ᠰᠡᠷᠭᠡᠶᠢᠯᠡᠯᠲᠡ᠂ ᠡᠷᠲᠡ ᠢᠯᠡᠷᠡᠭᠦᠯᠭᠡ ᠶᠢᠨ ᠦᠨᠳᠦᠰᠦᠨ ᠦ ᠰᠦᠯᠵᠢᠶ᠎ᠡ ᠪᠠᠶᠢᠭᠤᠯᠬᠤ ᠲᠥᠰᠥᠯ᠂ ᠠ᠊ ᠱ᠊ ᠤ᠊ ᠦ᠊ ᠢ᠊ ᠰ ᠪᠣᠯᠤᠨ ᠡᠮᠨᠡᠯᠭᠡ ᠨᠦᠭᠦᠳ ᠦᠨ ᠲᠣᠨᠣᠭ ᠲᠥᠬᠥᠭᠡᠷᠦᠮᠵᠢ ᠶᠢ ᠰᠢᠨᠡᠳᠭᠡᠬᠦ ᠲᠥᠰᠥᠯ ᠦᠨ ᠭᠡᠷ᠎ᠡ ᠶᠢ ᠣᠶᠢᠷ᠎ᠠ ᠶᠢᠨ ᠬᠤᠭᠤᠴᠠᠭᠠᠨ ᠳᠤ ᠪᠠᠶᠢᠭᠤᠯᠬᠤ ᠪᠠᠷ ᠲᠣᠬᠢᠷᠠᠯᠴᠠᠪᠠ᠃
ᠡᠨᠡ ᠣᠨ ᠤ 7 ᠳ᠋ᠤᠭᠠᠷ ᠰᠠᠷ᠎ᠠ ᠳᠤ ᠮᠣᠩᠭᠣᠯ᠂ ᠠᠦᠢᠰᠲᠷᠢ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠖᠐ ᠵᠢᠯ ᠦᠨ ᠲᠣᠬᠢᠶᠠᠬᠤ ᠪᠥᠭᠡᠳ ᠡᠨᠡ ᠬᠦᠷᠢᠶᠡᠨ ᠳᠦ ᠠᠦᠢᠰᠲᠷᠢ ᠶᠢᠨ ᠠᠵᠤ ᠠᠬᠤᠢ ᠶᠢᠨ ᠨᠢᠭᠡᠴᠡ ᠶᠢᠨ ᠲᠥᠯᠥᠭᠡᠯᠡᠯ ᠡᠨᠡ ᠣᠨ ᠤ ᠙ ᠳᠦᠭᠡᠷ ᠰᠠᠷ᠎ᠠ ᠳᠤ ᠮᠣᠩᠭᠣᠯ ᠤᠯᠤᠰ ᠲᠤ ᠢᠷᠡᠵᠦ ᠠᠵᠢᠯᠯᠠᠬᠤ ᠪᠠᠷ ᠪᠣᠯᠪᠠ᠃