ᠪᠦ᠊ ᠨᠠ᠊ ᠰᠣ᠊ ᠤ᠊-ᠤᠨ ᠫᠤᠰᠠᠨ ᠬᠣᠲᠠᠳ ᠑᠐ ᠮᠢᠩᠭ᠎ᠠ ᠣᠷᠴᠢᠮ ᠮᠣᠩᠭᠣᠯ ᠢᠷᠭᠡᠨ ᠣᠷᠣᠰᠢᠨ ᠰᠠᠭᠤᠵᠤ ᠪᠠᠶᠢᠨ᠎ᠠ᠃ ᠲᠤᠰ ᠬᠣᠲᠠᠳ ᠰᠠᠭᠤᠭ᠎ᠠ ᠺᠣᠨᠰᠤᠶᠢᠯ ᠤᠨ ᠭᠠᠵᠠᠷ ᠢᠶᠠᠷ ᠰᠠᠷ᠎ᠠ ᠳᠤ ᠮᠢᠩᠭ᠎ᠠ ᠣᠷᠴᠢᠮ ᠮᠣᠩᠭᠣᠯ ᠢᠷᠭᠡᠨ ᠦᠢᠯᠡᠴᠢᠯᠡᠭᠦᠯᠳᠡᠭ᠃ ᠲᠡᠶᠢᠮᠦ ᠡᠴᠡ ᠼ᠊ ᠬᠥ᠊ ᠬᠠ᠊ ᠬᠣ᠊ ᠶᠠ᠊-᠊ᠤ ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠢᠷᠭᠡᠳ ᠲᠦ ᠪᠡᠨ ᠲᠥᠷᠦ ᠶᠢᠨ ᠦᠢᠯᠡᠴᠢᠯᠡᠭᠡ ᠶᠢ ᠣᠶᠢᠷᠠᠲᠤᠭᠤᠯᠵᠤ᠂ 《ᠬᠤᠷᠳᠤᠨ》 ᠴᠡᠭ ᠢ ᠪᠠᠶᠢᠭᠤᠯᠤᠯ᠎ᠠ᠃
ᠢᠩᠭᠢᠭᠰᠡᠨ ᠢᠶᠡᠷ ᠲᠤᠰ ᠬᠣᠲᠠ ᠶᠢᠨ ᠮᠣᠩᠭᠣᠯ ᠢᠷᠭᠡᠳ ᠦᠢᠯᠡᠴᠢᠯᠡᠭᠡᠨ ᠦ ᠣᠫᠧᠷᠠᠲ᠋ᠣᠷ ᠠᠴᠠ ᠔᠔᠐ ᠣᠷᠴᠢᠮ ᠲᠥᠷᠥᠯ ᠦᠨ ᠲᠥᠷᠥ ᠶᠢᠨ ᠦᠢᠯᠡᠴᠢᠯᠡᠭᠡ᠂ ᠺᠢᠣᠰᠺ ᠮᠠᠰᠢᠨ ᠠᠴᠠ ᠗᠓ ᠲᠥᠷᠥᠯ ᠦᠨ ᠦᠢᠯᠡᠴᠢᠯᠡᠭᠡ ᠶᠢ ᠴᠠᠭ ᠠᠯᠠᠳᠠᠯ ᠦᠭᠡᠢ᠂ ᠬᠤᠷᠳᠤᠨ᠂ ᠰᠢᠭᠤᠷᠬᠠᠢ ᠠᠪᠴᠤ ᠡᠬᠢᠯᠡᠯ᠎ᠡ᠃
ᠢᠷᠭᠡᠳ ᠪᠢᠴᠢᠭ᠂ ᠪᠠᠷᠢᠮᠲᠠ ᠪᠦᠷᠢᠳᠦᠭᠦᠯᠬᠦ ᠳᠦ ᠪᠡᠨ ᠢᠲᠡᠭᠡᠮᠵᠢᠯᠡᠬᠦ ᠠᠪᠬᠤ᠂ ᠮᠣᠩᠭᠣᠯ ᠷᠤ ᠬᠠᠮᠢᠶᠠᠲᠠᠨ ᠰᠠᠳᠤᠨ ᠳᠤ ᠪᠠᠨ ᠵᠠᠬᠢᠬᠤ᠂ ᠰᠢᠤᠳᠠᠨ ᠢᠶᠠᠷ ᠠᠪᠬᠤ ᠭᠡᠳ ᠬᠤᠭᠤᠴᠠᠭ᠎ᠠ ᠶᠡᠬᠡ ᠵᠠᠷᠤᠴᠠᠭᠤᠯᠳᠠᠭ ᠪᠠᠶᠢᠭᠰᠠᠨ ᠪᠣᠯ ᠣᠳᠣ ᠲᠥᠷᠥ ᠶᠢᠨ ᠦᠢᠯᠡᠴᠢᠯᠡᠭᠡᠨ ᠦ》 ᠬᠤᠷᠳᠤᠨ》 ᠴᠡᠭ ᠣᠶᠢᠷᠠᠳᠴᠤ᠂ ᠠᠮᠠᠷ᠂ ᠬᠢᠯᠪᠠᠷ ᠪᠣᠯᠤᠭᠰᠠᠨ ᠳᠤ ᠲᠠᠯᠠᠷᠬᠠᠵᠤ ᠪᠠᠶᠢᠭ᠎ᠠ ᠪᠠᠨ ᠡᠨᠡ ᠦᠶ᠎ᠡ ᠪᠡᠷ ᠢᠯᠡᠷᠬᠡᠶᠢᠯᠡᠵᠦ ᠪᠠᠶᠢᠯ᠎ᠠ᠃