ᠪᠦ᠊ ᠨᠠ᠊ ᠰᠣ᠊ ᠤ᠊- ᠊ᠤᠨ ᠨᠡᠶᠢᠭᠡᠮ ᠦᠨ ᠬᠥᠭᠵᠢᠯ ᠦᠨ ᠬᠦᠷᠢᠶᠡᠯᠡᠩ ᠲᠡᠢ ᠣᠯᠠᠨ ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠳᠡᠳ᠋ ᠰᠠᠶᠢᠳ ᠵ ∙ ᠡᠷᠬᠢᠮᠪᠠᠭᠠᠲᠤᠷ ᠒᠐᠒᠓ ᠣᠨ ᠤ ᠐᠓ ᠳ᠋ᠤᠭᠠᠷ ᠰᠠᠷ᠎ᠠ ᠶᠢᠨ ᠒᠑-᠒᠓ ᠍ ᠦ ᠡᠳᠦᠷ ᠦᠳ ᠲᠦ ᠪᠦ᠊ ᠨᠠ᠊ ᠰᠣ᠊ ᠤ᠊-᠊ᠳᠦ ᠠᠵᠢᠯ ᠤᠨ ᠠᠶᠢᠯᠴᠢᠯᠠᠯ ᠬᠢᠵᠦ᠂ ᠡᠨᠡ ᠦᠶ᠎ᠡ ᠪᠡᠷ ᠪᠦ᠊ ᠨᠠ᠊ ᠰᠣ᠊ ᠤ᠊- ᠤᠨ ᠰᠢᠨᠵᠢᠯᠡᠬᠦ ᠤᠬᠠᠭᠠᠨ᠂ ᠮᠡᠳᠡᠭᠡᠯᠡᠯ ᠦᠨ ᠲᠧᠭᠨᠣᠯᠣᠭᠢ ᠶᠢᠨ ᠶᠠᠮᠤᠨ ᠤ ᠳᠡᠷᠭᠡᠳᠡᠬᠢ ᠰᠤᠳᠤᠯᠭ᠎ᠠ ᠰᠢᠨᠵᠢᠯᠡᠭᠡᠨ ᠦ ᠪᠠᠶᠢᠭᠤᠯᠤᠯᠭ᠎ᠠ ᠪᠣᠯᠬᠤ ᠨᠡᠶᠢᠭᠡᠮ ᠤᠨ ᠮᠡᠳᠡᠭᠡᠯᠡᠯ ᠦᠨ ᠬᠥᠭᠵᠢᠯ ᠦᠨ ᠬᠦᠷᠢᠶᠡᠯᠡᠩ ᠦᠨ ᠶᠡᠷᠦᠩᠬᠡᠶᠢᠯᠡᠭᠴᠢ ᠨᠣᠶᠠᠨ ᠭᠪᠤᠨ ᠬᠤ ᠶᠡᠯ ᠲᠠᠢ ᠠᠭᠤᠯᠵᠠᠨ᠂ ᠮᠣᠩᠭᠣᠯ ᠤᠯᠤᠰ ᠤᠨ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠶᠢ ᠬᠥᠭᠵᠢᠭᠦᠯᠬᠦ᠂ ᠪᠤᠰᠤᠳ ᠰᠠᠯᠪᠤᠷᠢ ᠶᠢ ᠳᠡᠪᠰᠢᠯᠲᠡᠲᠦ ᠲᠧᠭᠨᠣᠯᠣᠭᠢ ᠪᠠᠷ ᠳᠡᠮᠵᠢᠬᠦ᠂ ᠪᠣᠳᠣᠯᠭ᠎ᠠ ᠶᠢᠨ ᠣᠷᠴᠢᠨ ᠢ ᠰᠠᠶᠢᠵᠢᠷᠠᠭᠤᠯᠬᠤ ᠳᠤ ᠬᠠᠮᠲᠤᠷᠠᠨ ᠠᠵᠢᠯᠯᠠᠬᠤ ᠪᠠᠷ ᠬᠠᠷᠢᠯᠴᠠᠨ ᠲᠣᠬᠢᠷᠠᠯᠴᠠᠭᠰᠠᠨ᠃

ᠡᠨᠡᠬᠦ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ᠂ ᠪᠦ᠊ ᠨᠠ᠊ ᠰᠣ᠊ ᠤ᠊-ᠤᠨ ᠨᠡᠶᠢᠭᠡᠮ ᠦᠨ ᠬᠥᠭᠵᠢᠯ ᠦᠨ ᠬᠦᠷᠢᠶᠡᠯᠡᠩ ᠦᠨ ᠲᠥᠯᠦᠭᠡᠯᠡᠯ ᠬᠠᠮᠲᠤᠷᠠᠨ ᠮᠡᠳᠡᠭᠡᠯᠡᠯ ᠦᠨ ᠲᠧᠭᠨᠣᠯᠣᠭᠢ ᠶᠢᠨ ᠦᠨᠳᠦᠰᠦᠨ ᠦ ᠫᠠᠷᠺ ᠳ᠋ᠠᠬᠢ ᠮᠡᠳᠡᠭᠡᠯᠡᠯ᠂ ᠬᠠᠨᠳᠤᠯᠲᠠ ᠶᠢᠨ ᠨᠡᠶᠢᠲᠡ ᠶᠢᠨ ᠲᠥᠪ ᠲᠦ 《ᠥᠷᠭᠡᠨ ᠨᠡᠪᠲᠡᠷᠡᠭᠦᠯᠭᠡ ᠶᠢᠨ ᠪᠣᠳᠣᠯᠭ᠎ᠠ ᠶᠢᠨ ᠣᠷᠴᠢᠨ ᠢ ᠰᠠᠶᠢᠵᠢᠷᠠᠭᠤᠯᠬᠤ ᠲᠥᠰᠦᠯ》 ᠍ ᠢ ᠥᠨᠥᠳᠥᠷ /᠒᠐᠒᠓.᠐᠓.᠒᠘/ ᠠᠯᠪᠠᠨ ᠶᠣᠰᠣᠭᠠᠷ ᠡᠬᠢᠯᠡᠭᠦᠯᠵᠦ᠂ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠯ᠎ᠠ᠃

ᠼᠠ᠊ ᠬᠥ᠊ ᠬᠠ᠊ ᠬᠣ᠊- ᠊ᠤ ᠳᠡᠳ᠋ ᠰᠠᠶᠢᠳ ᠵ ∙ ᠡᠷᠬᠢᠮᠪᠠᠭᠠᠲᠤᠷ᠄ ᠼᠠ᠊ ᠬᠥ᠊ ᠬᠠ᠊ ᠬᠣ᠊ ᠶᠠ᠊ ᠨᠢ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ (ᠠᠭᠧᠨᠲᠯᠢᠭ) ᠪᠠᠶᠢᠬᠤ ᠦᠶᠡᠰ KISDI ᠪᠠᠶᠢᠭᠤᠯᠤᠯᠭ᠎ᠠ ᠲᠠᠢ ᠣᠯᠠᠨ ᠬᠠᠮᠲᠤᠷᠠᠭᠰᠠᠨ ᠰᠤᠳᠤᠯᠭᠠᠨ ᠤ ᠲᠥᠰᠦᠯ ᠬᠡᠷᠡᠭᠵᠢᠭᠦᠯᠵᠦ ᠪᠠᠶᠢᠭᠰᠠᠨ ᠪᠥᠭᠡᠳ ᠒᠐᠑᠙ ᠣᠨ ᠳᠤ ᠬᠡᠷᠡᠭᠵᠢᠭᠦᠯᠦᠭᠰᠡᠨ ᠮᠣᠩᠭᠣᠯ ᠤᠯᠤᠰ ᠤᠨ ᠦᠨᠳᠦᠰᠦᠨ ᠦ СЕРТ ᠪᠠᠶᠢᠭᠤᠯᠬᠤ ᠵᠥᠪᠯᠡᠬᠦ ᠦᠢᠯᠡᠴᠢᠯᠡᠭᠡᠨ ᠦ ᠬᠦᠷᠢᠶᠡᠨ ᠳᠦ KISDI ᠍ ᠤᠨ ᠮᠡᠷᠭᠡᠵᠢᠯᠲᠡᠨ ᠨᠦᠭᠦᠳ ᠦᠨ ᠪᠣᠯᠪᠠᠰᠤᠷᠠᠭᠤᠯᠤᠭᠰᠠᠨ ᠰᠠᠨᠠᠯ ᠵᠥᠪᠯᠡᠮᠵᠢ ᠨᠦᠭᠦᠳ ᠴᠠᠬᠢᠮ ᠰᠢᠯᠵᠢᠯᠲᠡ ᠶᠢᠨ ᠪᠠᠭᠴᠠ ᠬᠠᠤᠯᠢ ᠶᠢᠨ ᠺᠢᠪᠧᠷ ᠠᠶᠤᠯ ᠦᠭᠡᠢ ᠪᠠᠶᠢᠳᠠᠯ ᠤᠨ ᠲᠤᠬᠠᠢ ᠬᠠᠤᠯᠢ ᠶᠢᠨ ᠦᠨᠳᠦᠰᠦ ᠰᠠᠭᠤᠷᠢ ᠪᠣᠯᠵᠤ᠂ ᠥᠭᠭᠦᠭᠡᠴᠢ ᠲᠡᠢ ᠵᠥᠪᠯᠡᠬᠦ ᠦᠢᠯᠡᠴᠢᠯᠡᠭᠡ ᠪᠣᠯᠤᠭᠰᠠᠨ ᠢ ᠣᠨᠴᠠᠯᠠᠨ᠂ ᠴᠢᠨᠠᠭᠰᠢᠳᠠ ᠬᠠᠮᠲᠤ ᠶᠢᠨ ᠠᠵᠢᠯᠯᠠᠭ᠎ᠠ ᠶᠢ ᠪᠠᠨ ᠤᠯᠠᠮ ᠥᠷᠭᠡᠵᠢᠭᠦᠯᠵᠦ᠂ ᠺᠢᠪᠧᠷ ᠠᠶᠤᠯ ᠦᠭᠡᠢ ᠪᠠᠶᠢᠳᠠᠯ ᠢ ᠬᠠᠩᠭᠠᠬᠤ ᠨᠡᠶᠢᠲᠡ ᠶᠢᠨ ᠲᠥᠪ ᠪᠠᠶᠢᠭᠤᠯᠬᠤ᠂ ᠬᠠᠷᠢᠯᠴᠠᠭ᠎ᠠ ᠬᠣᠯᠪᠣᠭᠠᠨ ᠤ ᠬᠠᠤᠯᠢ᠂ ᠣᠯᠠᠨ ᠨᠡᠶᠢᠲᠡ ᠶᠢᠨ ᠰᠦᠯᠵᠢᠶᠡᠨ ᠳᠦ ᠬᠦᠮᠦᠨ ᠦ ᠡᠷᠬᠡ ᠶᠢ ᠬᠠᠮᠠᠭᠠᠯᠠᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠭᠰᠠᠨ ᠢ ᠲᠡᠮᠳᠡᠭᠯᠡᠵᠦ᠂ ᠲᠠᠯᠠᠷᠬᠠᠯ ᠢᠶᠠᠨ ᠢᠯᠡᠷᠬᠡᠶᠢᠯᠡᠭᠰᠡᠨ ᠶᠤᠮ᠃

ᠲᠥᠰᠥᠯ ᠦᠨ ᠬᠦᠷᠢᠶᠡᠨ ᠳᠦ ᠥᠷᠭᠡᠨ ᠨᠡᠪᠲᠡᠷᠡᠭᠦᠯᠭᠡ ᠶᠢᠨ ᠰᠠᠯᠪᠤᠷᠢ ᠶᠢᠨ ᠬᠦᠮᠦᠨ ᠦ ᠨᠥᠭᠡᠴᠡ ᠶᠢ ᠴᠢᠳᠠᠪᠬᠢᠵᠢᠭᠤᠯᠬᠤ ᠰᠤᠷᠭᠠᠯᠲᠠ᠂ ᠰᠧᠮᠢᠨᠠᠷ ᠢ ᠵᠣᠬᠢᠶᠠᠨ ᠪᠠᠶᠢᠭᠤᠯᠬᠤ᠂ ᠥᠷᠭᠡᠨ ᠨᠡᠪᠲᠡᠷᠡᠭᠦᠯᠭᠡ ᠶᠢᠨ ᠪᠣᠳᠣᠯᠭ᠎ᠠ ᠶᠢᠨ ᠣᠷᠴᠢᠨ ᠢ ᠰᠠᠶᠢᠵᠢᠷᠠᠭᠤᠯᠬᠤ᠂ ᠪᠣᠳᠣᠯᠭ᠎ᠠ ᠶᠢᠨ ᠰᠤᠳᠤᠯᠭ᠎ᠠ ᠬᠢᠵᠦ᠂ ᠺᠣᠨᠲ᠋ᠧᠨᠲ ᠬᠥᠭᠵᠢᠭᠦᠯᠦᠯᠲᠡ ᠶᠢᠨ ᠴᠢᠭᠯᠡᠯ ᠢᠶᠡᠷ ᠣᠯᠠᠨ ᠤᠯᠤᠰ ᠤᠨ ᠰᠠᠶᠢᠨ ᠲᠤᠷᠰᠢᠯᠭ᠎ᠠ ᠶᠢ ᠨᠡᠪᠲᠡᠷᠡᠭᠦᠯᠬᠦ ᠠᠵᠢᠯ ᠤᠳ ᠢ ᠲᠥᠯᠥᠪᠯᠡᠵᠦ᠂ ᠬᠣᠶᠠᠷ ᠲᠠᠯ᠎ᠠ ᠶᠢᠨ ᠡᠺᠰᠫᠧᠷᠲᠦ ᠨᠦᠭᠦᠳ ᠰᠠᠨᠠᠯ ᠰᠣᠯᠢᠯᠴᠠᠯ᠎ᠠ᠃

ᠨᠡᠶᠢᠲᠡᠯᠡᠭᠰᠡᠨ᠄