ᠴᠠᠬᠢᠮ ᠰᠢᠯᠵᠢᠯᠲᠡ ᠶᠢ ᠡᠷᠴᠢᠮᠵᠢᠭᠦᠯᠬᠦ ᠴᠢᠭᠯᠡᠯ ᠢᠶᠡᠷ ᠪᠦᠭᠦᠳᠡ ᠨᠠᠶᠢᠷᠠᠮᠳᠠᠬᠤ ᠠᠦᠢᠰᠲᠷᠢ ᠤᠯᠤᠰ ᠲᠠᠢ ᠬᠠᠮᠲᠤᠷᠠᠨ ᠠᠵᠢᠯᠯᠠᠨ᠎ᠠ


ᠼᠠ᠊ ᠬᠥ᠊ ᠬᠠ᠊ ᠬᠣ᠊- ᠊ᠤ ᠰᠠᠶᠢᠳ ᠨ ∙ ᠤᠴᠠᠷᠠᠯ ᠪᠦᠭᠦᠳᠡ ᠨᠠᠶᠢᠷᠠᠮᠳᠠᠬᠤ ᠠᠦᠢᠰᠲᠷᠢ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠠᠨᠳᠠᠷ ᠠᠴᠠ ᠷ ᠦᠺᠧᠨ ᠲᠡᠢ ᠠᠭᠤᠯᠵᠠᠯ᠎ᠠ᠃ ᠠᠭᠤᠯᠵᠠᠯᠲᠠ ᠶᠢᠨ ᠡᠬᠢᠨ ᠳᠦ ᠨ ∙ ᠤᠴᠠᠷᠠᠯ ᠰᠠᠶᠢᠳ ᠮᠣᠩᠭᠣᠯ᠂ ᠠᠦᠢᠰᠲᠷᠢ ᠶᠢᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠖᠐ ᠵᠢᠯ ᠦᠨ ᠣᠢ ᠲᠣᠬᠢᠶᠠᠵᠤ ᠪᠤᠢ ᠳᠤ ᠪᠠᠶᠠᠷ ᠬᠦᠷᠭᠡᠵᠦ᠂ ᠴᠠᠭ ᠭᠠᠷᠭᠠᠨ ᠬᠦᠷᠦᠯᠴᠡᠨ ᠢᠷᠡᠵᠦ ᠠᠭᠤᠯᠵᠠᠵᠤ ᠪᠤᠢ ᠳᠤ ᠲᠠᠯᠠᠷᠬᠠᠯ ᠢᠯᠡᠷᠬᠡᠶᠢᠯᠡᠭᠡᠳ᠂ ᠼᠠ᠊ ᠬᠥ᠊ ᠬᠠ᠊ ᠬᠣ᠊-᠊ᠤ ᠪᠣᠳᠣᠯᠭ᠎ᠠ᠂ ᠬᠢᠵᠦ᠂ ᠬᠡᠷᠡᠭᠵᠢᠭᠦᠯᠵᠦ ᠪᠠᠶᠢᠭ᠎ᠠ ᠠᠵᠢᠯ ᠤᠳ ᠢ ᠲᠠᠨᠢᠯᠴᠠᠭᠤᠯᠤᠯ᠎ᠠ᠃ ᠮᠥᠨ᠂ ᠡᠨᠡ ᠐᠓ ᠍ ᠳᠤᠭᠠᠷ ᠰᠠᠷ᠎ᠠ ᠳᠤ ᠠᠦᠢᠰᠲᠷᠢ ᠤᠯᠤᠰ ᠲᠤ ᠵᠣᠬᠢᠶᠠᠨ ᠪᠠᠶᠢᠭᠤᠯᠤᠭᠳᠠᠭᠰᠠᠨ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠮᠣᠩᠭᠣᠯ᠂ ᠠᠦᠢᠰᠲᠷᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠘ ᠳ᠋ᠤᠭᠠᠷ ᠬᠤᠷᠠᠯᠳᠤᠭᠠᠨ ᠢᠶᠠᠷ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠶᠢᠨ ᠰᠢᠢᠳᠦᠯ ᠢ ᠲᠥᠷᠦ ᠶᠢᠨ ᠦᠢᠯᠡᠴᠢᠯᠡᠭᠡᠨ ᠳᠦ ᠨᠡᠪᠲᠡᠷᠡᠭᠦᠯᠵᠦ᠂ ᠴᠠᠬᠢᠮ ᠵᠠᠰᠠᠭᠯᠠᠯ ᠢ ᠬᠥᠭᠵᠢᠭᠦᠯᠬᠦ ᠳᠦ ᠬᠠᠷᠢᠯᠴᠠᠨ ᠲᠤᠷᠰᠢᠯᠭ᠎ᠠ ᠰᠣᠯᠢᠯᠴᠠᠬᠤ ᠥᠷᠭᠡᠨ ᠪᠣᠯᠤᠮᠵᠢ ᠪᠠᠶᠢᠭ᠎ᠠ ᠶᠢ ᠨᠣᠲᠠᠯᠠᠵᠤ᠂ ᠬᠣᠯᠪᠣᠭᠳᠠᠬᠤ ᠪᠠᠶᠢᠭᠤᠯᠤᠯᠭ᠎ᠠ ᠨᠤᠭᠤᠳ ᠬᠣᠭᠣᠷᠣᠨᠳᠣ ᠶᠢᠨ ᠰᠢᠭᠤᠳ ᠬᠠᠷᠢᠯᠴᠠᠭ᠎ᠠ ᠶᠢ ᠬᠥᠭᠵᠢᠭᠦᠯᠬᠦ ᠳᠦ ᠠᠩᠬᠠᠷᠴᠤ ᠠᠵᠢᠯᠯᠠᠬᠤ ᠪᠠᠷ ᠲᠣᠬᠢᠷᠠᠭᠰᠠᠨ᠃

ᠠᠦᠢᠰᠲᠷᠢ ᠤᠯᠤᠰ ᠤᠨ ᠬᠣᠯᠪᠣᠭᠠᠨ ᠤ ᠰᠠᠩ ᠤᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ᠂ ᠴᠠᠬᠢᠮ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠵᠠᠰᠠᠭ ᠤᠨ ᠭᠠᠵᠠᠷ ᠤᠨ ᠭᠡᠰᠢᠭᠦᠨ ᠹᠯᠣᠷᠢᠨ ᠲᠤᠷᠤᠰᠺᠢ ᠲᠡᠢ ᠠᠯᠪᠠᠨ ᠠᠭᠤᠯᠵᠠᠯᠲᠠ ᠬᠢᠵᠦ ᠴᠠᠬᠢᠮ ᠬᠥᠭᠵᠢᠯ᠂ ᠲᠡᠭᠦᠨ ᠦ ᠳᠣᠲᠣᠷ᠎ᠠ ᠰᠠᠨᠠᠯ ᠴᠠᠬᠢᠮ ᠤᠷᠴᠢᠨ ᠳᠤ ᠬᠦᠮᠦᠨ ᠦ ᠡᠷᠬᠡ ᠶᠢ ᠬᠠᠮᠠᠭᠠᠯᠠᠬᠤ᠂ ᠴᠠᠬᠢᠮ ᠪᠣᠯᠪᠠᠰᠤᠷᠠᠯ ᠢ ᠬᠥᠭᠵᠢᠭᠦᠯᠬᠦ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠳᠤ ᠬᠤᠪ ᠤᠨ ᠬᠡᠪᠰᠢᠯ ᠦᠨ ᠣᠷᠣᠯᠴᠠᠭ᠎ᠠ ᠶᠢ ᠨᠡᠮᠡᠭᠳᠡᠭᠦᠯᠵᠦ᠂ ᠳᠡᠮᠵᠢᠬᠦ ᠵᠡᠷᠭᠡ ᠴᠢᠭᠯᠡᠯ ᠳᠦ ᠬᠠᠮᠲᠤᠷᠠᠨ ᠠᠵᠢᠯᠯᠠᠬᠤ ᠲᠠᠯ᠎ᠠ ᠪᠠᠷ ᠰᠠᠨᠠᠯ ᠰᠣᠯᠢᠯᠴᠠᠭᠰᠠᠨ ᠢ ᠼᠠ᠊ ᠬᠥ᠊ ᠬᠠ᠊ ᠬᠣ᠊- ᠊ᠤ ᠰᠠᠶᠢᠳ ᠨ ∙ ᠤᠴᠠᠷᠠᠯ ᠣᠨᠴᠠᠯᠠᠯ᠎ᠠ᠃

ᠪᠦᠭᠦᠳᠡ ᠨᠠᠶᠢᠷᠠᠮᠳᠠᠬᠤ ᠠᠦᠢᠰᠲᠷᠢ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠠᠨᠳᠠᠷ ᠠᠴᠠ ᠷ ᠦᠺᠧᠨ ᠮᠣᠩᠭᠣᠯ᠂ ᠠᠦᠢᠰᠲᠷᠢ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠘ ᠳ᠋ᠤᠭᠠᠷ ᠬᠤᠷᠠᠯᠳᠤᠭᠠᠨ ᠥᠷᠭᠡᠨ ᠰᠡᠳᠦᠪ ᠢ ᠬᠠᠮᠤᠷᠤᠭᠰᠠᠨ ᠠᠴᠢ ᠬᠣᠯᠪᠣᠭᠳᠠᠯ ᠲᠠᠢ ᠬᠤᠷᠠᠯᠳᠤᠭᠠᠨ ᠪᠣᠯᠤᠭᠰᠠᠨ ᠢ ᠣᠨᠴᠠᠯᠠᠯ᠎ᠠ᠃ ᠡᠨᠡ ᠳᠤᠮᠳᠠ ᠪᠠᠨ ᠴᠠᠬᠢᠮ ᠰᠢᠯᠵᠢᠯᠲᠡ ᠲᠡᠢ ᠬᠣᠯᠪᠣᠭ᠎ᠠ ᠲᠠᠢ ᠶᠠᠷᠢᠭᠳᠠᠭᠰᠠᠨ ᠠᠵᠢᠯ ᠤᠳ ᠠᠩᠬᠠᠷᠤᠯ ᠲᠠᠲᠠᠭᠰᠠᠨ ᠢ ᠣᠨᠴᠠᠯᠠᠵᠤ᠂ ᠳᠡᠭᠡᠷᠡᠬᠢ ᠶᠠᠷᠢᠭᠳᠠᠭᠰᠠᠨ ᠰᠡᠳᠦᠪ ᠦᠨ ᠬᠦᠷᠢᠶᠡᠨ ᠳᠦ ᠬᠠᠮᠲᠤᠷᠠᠨ ᠠᠵᠢᠯᠯᠠᠬᠤ ᠪᠣᠯᠤᠮᠵᠢ ᠶᠢᠨ ᠲᠠᠯ᠎ᠠ ᠪᠠᠷ ᠰᠠᠨᠠᠯ ᠰᠣᠯᠢᠯᠴᠠᠯ᠎ᠠ᠃

ᠠᠭᠤᠯᠵᠠᠯᠲᠠ ᠶᠢᠨ ᠲᠡᠭᠦᠰᠬᠡᠯ ᠳᠦ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ ᠢᠷᠡᠬᠦ ᠐᠖ ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠣᠲᠠᠳ ᠵᠣᠬᠢᠶᠠᠨ ᠪᠠᠶᠢᠭᠤᠯᠤᠭᠳᠠᠬᠤ 《ICT Expo ᠒᠐᠒᠓ Mindgolia》 ᠪᠤᠶᠤ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠣᠯᠠᠨ ᠤᠯᠤᠰ ᠤᠨ ᠦᠵᠡᠰᠬᠦᠯᠡᠩ᠂ ᠬᠥᠷᠦᠩᠭᠡ ᠣᠷᠣᠭᠤᠯᠤᠭᠴᠢᠳ ᠤᠨ ᠣᠷᠣᠯᠴᠠᠬᠤ ᠲᠣᠮᠣᠬᠠᠨ ᠠᠷᠭ᠎ᠠ ᠬᠡᠮᠵᠢᠶᠡᠨ ᠳᠦ ᠠᠦᠢᠰᠲᠷᠢ ᠶᠢᠨ ᠲᠥᠯᠦᠭᠡᠯᠡᠭᠴᠢᠳ ᠢ ᠣᠷᠣᠯᠴᠠᠬᠤ ᠶᠢ ᠤᠷᠢᠵᠤ᠂ ᠠᠦᠢᠰᠲᠷᠢ ᠤᠯᠤᠰ ᠤᠨ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠶᠢᠨ ᠰᠠᠯᠪᠤᠷᠢ ᠶᠢᠨ ᠺᠣᠮᠫᠠᠨᠢ ᠨᠤᠭᠤᠳ ᠢ ᠲᠤᠰ ᠠᠷᠭ᠎ᠠ ᠬᠡᠮᠵᠢᠶᠡᠨ ᠳᠦ ᠤᠷᠢᠵᠤ ᠣᠷᠤᠯᠴᠠᠭᠤᠯᠬᠤ ᠶᠢ ᠬᠦᠰᠡᠵᠦ᠂ ᠡᠯᠴᠢᠨ ᠰᠠᠶᠢᠳ ᠤᠨ ᠵᠦᠭ ᠡᠴᠡ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠯ᠎ᠡ᠃

ᠨᠡᠶᠢᠲᠡᠯᠡᠭᠰᠡᠨ᠄