ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠊ᠤ ᠬᠢᠨᠠᠯᠲᠠ ᠊ᠢᠢᠨ ᠤᠯᠤᠰ ᠤᠨ ᠪᠠᠶᠢᠴᠠᠭᠠᠭᠴᠢᠳ ᠢ ᠮᠡᠷᠭᠡᠵᠢᠯ᠂ ᠠᠷᠭ᠎ᠠ ᠵᠦᠢ᠂ ᠵᠣᠬᠢᠶᠠᠨ ᠪᠠᠶᠢᠭᠤᠯᠤᠯᠲᠠ ᠊ᠢᠢᠨ ᠤᠳᠤᠷᠢᠳᠤᠯᠭ᠎ᠠ ᠪᠠᠷ ᠬᠠᠩᠭᠠᠵᠤ ᠠᠵᠢᠯᠯᠠᠯ᠎ᠠ


ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶᠠᠨ ᠤ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠬᠢᠨᠠᠯᠲᠠ ᠶᠢᠨ ᠤᠯᠤᠰ ᠤᠨ (ᠠᠬᠠᠯᠠᠬᠤ) ᠪᠠᠶᠢᠴᠠᠭᠠᠭᠴᠢᠳ ᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢᠨ ᠪᠣᠳᠣᠯᠭ᠎ᠠ᠂ ᠴᠢᠭᠯᠡᠯ᠂ ᠬᠠᠤᠯᠢ ᠡᠷᠬᠡ ᠵᠦᠢ᠂ ᠮᠡᠷᠭᠡᠵᠢᠯ᠂ ᠠᠷᠭ᠎ᠠ ᠵᠦᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠷ ᠬᠠᠩᠭᠠᠬᠤ ᠵᠣᠷᠢᠯᠭ᠎ᠠ ᠪᠠᠷ ᠨᠢᠭᠡᠳᠦᠭᠰᠡᠨ ᠠᠷᠭ᠎ᠠ ᠬᠡᠮᠵᠢᠶ᠎ᠡ ᠶᠢ ᠒᠐᠒᠓ ᠣᠨ ᠊ᠤ ᠐᠓ ᠳ᠋ᠤᠭᠠᠷ ᠰᠠᠷ᠎ᠠ ᠊ᠢᠢᠨ ᠒᠗᠂᠒᠘᠊ᠤ ᠡᠳᠦᠷ ᠦᠳ ᠲᠦ ᠵᠣᠬᠢᠶᠠᠨ ᠪᠠᠶᠢᠭᠤᠯᠤᠯ᠎ᠠ᠃

ᠠᠷᠭ᠎ᠠ ᠬᠡᠮᠵᠢᠶ᠎ᠡ ᠶᠢ ᠨᠡᠭᠡᠭᠡᠵᠦ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ᠄ ᠡᠨᠡᠬᠦ ᠠᠷᠭ᠎ᠠ ᠬᠡᠮᠵᠢᠶ᠎ᠡ ᠶᠢ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠬᠢᠨᠠᠯᠲᠠ ᠶᠢᠨ ᠤᠯᠤᠰ ᠤᠨ ᠪᠠᠶᠢᠴᠠᠭᠠᠭᠴᠢᠳ ᠤᠨ ᠲᠥᠷᠥ ᠶᠢᠨ ᠠᠯᠪᠠᠨ ᠬᠠᠭᠠᠭᠴᠢ ᠶᠢᠨ ᠰᠢᠳᠤᠷᠭᠤ ᠪᠠᠶᠢᠳᠠᠯ ᠢ ᠨᠡᠮᠡᠭᠳᠡᠭᠦᠯᠬᠦ᠂ ᠬᠤᠪᠢ ᠬᠦᠮᠦᠨ ᠦ ᠶᠣᠰᠣ ᠵᠦᠢ ᠶᠢᠨ ᠮᠠᠩᠯᠠᠶᠢᠯᠠᠯ ᠢ ᠳᠡᠭᠡᠭᠰᠢᠯᠡᠭᠦᠯᠬᠦ᠂ ᠬᠠᠤᠯᠢ ᠡᠷᠬᠡ ᠵᠦᠢ ᠶᠢᠨ ᠮᠡᠳᠡᠯᠭᠡ ᠣᠯᠭᠣᠬᠤ ᠵᠣᠷᠢᠯᠭ᠎ᠠ ᠪᠠᠷ ᠵᠣᠬᠢᠶᠠᠨ ᠪᠠᠶᠢᠭᠤᠯᠵᠤ ᠪᠠᠶᠢᠨ᠎ᠠ᠃ ᠬᠢᠨᠠᠯᠲᠠ ᠰᠢᠯᠭᠠᠯᠲᠠ ᠶᠢᠨ ᠠᠷᠭ᠎ᠠ ᠬᠡᠯᠪᠡᠷᠢ ᠶᠢ ᠢᠯᠡᠭᠦᠦ ᠪᠣᠯᠪᠠᠰᠤᠷᠠᠩᠭᠤᠢ ᠪᠣᠯᠭᠠᠬᠤ᠂ ᠬᠢᠨᠠᠯᠲᠠ ᠰᠢᠯᠭᠠᠯᠲᠠ ᠠᠴᠠ ᠢᠷᠭᠡᠳ᠂ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠳᠤ ᠤᠴᠠᠷᠠᠭᠤᠯᠵᠤ ᠪᠤᠢ ᠪᠡᠷᠬᠡᠰᠢᠶᠡᠯ᠂ ᠬᠦᠨᠳᠦᠷᠡᠯ ᠢ ᠬᠥᠩᠭᠡᠪᠴᠢᠯᠡᠬᠦ᠂ ᠰᠢᠯᠭᠠᠵᠤ ᠲᠣᠷᠭᠣᠬᠤ ᠠᠴᠠ ᠢᠯᠡᠭᠦᠦ ᠵᠥᠪᠯᠡᠨ ᠲᠤᠰᠠᠯᠠᠵᠤ᠂ ᠰᠣᠶᠣᠨ ᠭᠡᠭᠡᠷᠡᠭᠦᠯᠬᠦ ᠦᠢᠯᠡ ᠠᠵᠢᠯᠯᠠᠭ᠎ᠠ ᠶᠠᠪᠤᠭᠤᠯᠬᠤ᠂ ᠠᠯᠢᠪᠠ ᠠᠶᠤᠯ᠂ ᠡᠷᠦᠰᠳᠡᠯ ᠡᠴᠡ ᠤᠷᠢᠳᠴᠢᠯᠠᠨ ᠰᠡᠷᠭᠡᠶᠢᠯᠡᠬᠦ᠂ ᠬᠠᠤᠯᠢ ᠲᠣᠭᠲᠠᠭᠠᠮᠵᠢ᠂ ᠰᠲ᠋ᠠᠨᠳᠠᠷᠲ ᠤᠨ ᠬᠡᠷᠡᠭᠵᠢᠯᠲᠡ ᠶᠢ ᠰᠠᠶᠢᠵᠢᠷᠠᠭᠤᠯᠤᠨ ᠢᠷᠭᠡᠳ᠂ ᠠᠵᠤ ᠠᠬᠤᠢ ᠶᠢᠨ ᠨᠢᠭᠡᠴᠡ ᠨᠦᠭᠦᠳ ᠦᠨ ᠲᠠᠯᠠᠷᠬᠠᠯ ᠢ ᠬᠦᠯᠢᠶᠡᠭᠰᠡᠨ ᠰᠢᠨᠡᠴᠢᠯᠡᠯᠲᠡ᠂ ᠥᠭᠡᠷᠡᠴᠢᠯᠡᠯᠲᠡ ᠶᠢ ᠬᠢᠵᠦ ᠠᠵᠢᠯᠯᠠᠬᠤ ᠶᠢ ᠤᠯᠤᠰ ᠤᠨ ᠪᠠᠶᠢᠴᠠᠭᠠᠭᠴᠢᠳ ᠲᠤ ᠴᠢᠭᠯᠡᠯ ᠪᠣᠯᠭᠠᠵᠤ᠂ ᠠᠮᠵᠢᠯᠲᠠ ᠬᠦᠰᠡᠯ᠎ᠡ᠃

ᠤᠭ ᠠᠷᠭ᠎ᠠ ᠬᠡᠮᠵᠢᠶᠡᠨ ᠦ ᠬᠦᠷᠢᠶᠡᠨ ᠳᠦ 《ᠰᠡᠳᠬᠢᠯᠭᠡᠨ ᠦ ᠰᠢᠨᠡᠯᠢᠭ ᠠᠷᠭ᠎ᠠ ᠬᠡᠷᠡᠭᠰᠡᠯ ᠦᠳ ᠢ ᠲᠥᠷᠦ ᠶᠢᠨ ᠪᠣᠳᠣᠯᠭ᠎ᠠ ᠳᠤ ᠠᠰᠢᠭᠯᠠᠬᠤ ᠨᠢ》᠂ 《ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢᠨ ᠪᠣᠯᠤᠨ ᠬᠢᠨᠠᠯᠲᠠ᠂ ᠰᠢᠯᠭᠠᠯᠲᠠ ᠶᠢᠨ ᠪᠣᠳᠣᠯᠭ᠎ᠠ᠂ ᠴᠢᠭᠯᠡᠯ》 ᠭᠡᠰᠡᠨ ᠒ ᠦᠨᠳᠦᠰᠦᠨ ᠪᠦᠯᠦᠭ ᠰᠡᠳᠦᠪ ᠢᠶᠡᠷ ᠰᠤᠷᠭᠠᠯᠲᠠ᠂ ᠵᠥᠪᠯᠡᠭᠡᠨ ᠵᠣᠬᠢᠶᠠᠨ ᠪᠠᠶᠢᠭᠤᠯᠤᠭᠳᠠᠵᠤ᠂ ᠡᠨᠡ ᠬᠦᠷᠢᠶᠡᠨ ᠳᠦ ᠣᠷᠣᠯᠴᠠᠭᠴᠢ ᠪᠠᠶᠢᠭᠤᠯᠤᠯᠭ᠎ᠠ ᠨᠤᠭᠤᠳ ᠪᠣᠯᠬᠤ ᠮᠣᠩᠭᠣᠯ ᠤᠯᠤᠰ ᠤᠨ ᠶᠡᠬᠡ ᠰᠤᠷᠭᠠᠭᠤᠯᠢ᠂ ᠨᠡᠶᠢᠰᠯᠡᠯ ᠦᠨ ᠫᠷᠣᠺᠦ᠋ᠷᠣᠷ ᠤᠨ ᠭᠠᠵᠠᠷ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ᠂ ᠲᠥᠰᠦᠯ ᠦᠨ ᠵᠥᠪᠯᠡᠬᠢ ᠨᠦᠭᠦᠳ ᠢᠯᠡᠳᠬᠡᠯ ᠲᠠᠨᠢᠯᠴᠠᠭᠤᠯᠭ᠎ᠠ ᠬᠢᠵᠦ᠂ ᠮᠡᠳᠡᠭᠡᠯᠡᠯ ᠰᠣᠯᠢᠯᠴᠠᠨ᠂ ᠰᠠᠯᠪᠤᠷᠢ ᠳᠤ ᠲᠤᠯᠭᠠᠮᠳᠠᠵᠤ ᠪᠤᠢ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠠᠯ᠎ᠠ ᠪᠠᠷ ᠬᠡᠯᠡᠯᠴᠡᠭᠦᠯᠭᠡ ᠥᠷᠨᠢᠭᠦᠯᠦᠯ᠎ᠡ᠃

ᠨᠡᠶᠢᠲᠡᠯᠡᠭᠰᠡᠨ᠄