ᠪᠦᠭᠦᠳᠡ ᠨᠠᠶᠢᠷᠠᠮᠳᠠᠬᠤ ᠡᠰᠲ᠋ᠣᠨᠢ ᠤᠯᠤᠰ ᠲᠠᠢ ᠴᠠᠬᠢᠮ ᠰᠢᠯᠵᠢᠯᠲᠡ ᠊ᠢᠢᠨ ᠬᠠᠮᠲᠤ ᠊ᠢᠢᠨ ᠠᠵᠢᠯᠯᠠᠭ᠎ᠠ ᠊ᠢᠢ ᠰᠢᠨ᠎ᠡ ᠲᠦᠪᠰᠢᠨ ᠊ᠳᠦ ᠬᠦᠷᠭᠡᠨ᠎ᠡ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠨ ∙ ᠤᠴᠠᠷᠠᠯ ᠪᠦᠭᠦᠳᠡ ᠨᠠᠶᠢᠷᠠᠮᠳᠠᠬᠤ ᠡᠰᠲ᠋ᠣᠨᠢ ᠤᠯᠤᠰ ᠠᠴᠠ ᠮᠣᠩᠭᠣᠯ ᠤᠯᠤᠰ ᠢ ᠬᠠᠮᠢᠶᠠᠷᠤᠨ ᠰᠠᠭᠤᠬᠤ ᠡᠯᠴᠢᠨ ᠰᠠᠶᠢᠳ ᠨᠣᠶᠠᠨ ᠬᠠᠨᠧᠰ ᠬᠠᠩᠰᠠᠭ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠶᠢᠨ ᠡᠬᠢᠨ ᠊ᠳᠦ ᠨ ∙ ᠤᠴᠠᠷᠠᠯ ᠰᠠᠶᠢᠳ ᠤᠨ ᠵᠦᠭ ᠡᠴᠡ ᠡᠯᠴᠢᠨ ᠰᠠᠶᠢᠳ ᠨᠣᠶᠠᠨ ᠬᠠᠨᠧᠰ ᠬᠠᠩᠰᠠᠳ ᠮᠣᠩᠭᠣᠯ ᠤᠯᠤᠰ ᠤᠨ ᠶᠡᠷᠦᠩᠬᠡᠶᠢᠯᠡᠭᠴᠢ ᠊ᠳᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠭᠰᠠᠨ ᠶᠠᠪᠤᠳᠠᠯ ᠊ᠳᠤ ᠪᠠᠶᠠᠷ ᠬᠦᠷᠭᠡᠭᠡᠳ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠊ᠤ ᠪᠠᠷᠢᠮᠲᠠᠯᠠᠵᠤ ᠪᠤᠢ ᠪᠣᠳᠣᠯᠭ᠎ᠠ ᠶᠢᠨ ᠴᠢᠭᠯᠡᠯ᠂ ᠬᠡᠷᠡᠭᠵᠢᠭᠦᠯᠦᠭᠰᠡᠨ ᠪᠣᠯᠤᠨ ᠬᠡᠷᠡᠭᠵᠢᠭᠦᠯᠬᠦ ᠪᠡᠷ ᠲᠥᠯᠥᠪᠯᠡᠵᠦ ᠪᠠᠶᠢᠭ᠎ᠠ ᠠᠵᠢᠯ ᠤᠳ ᠢ ᠲᠠᠨᠢᠯᠴᠠᠭᠤᠯᠤᠯ᠎ᠠ᠃

ᠲᠡᠭᠦᠨᠴᠢᠯᠡᠨ᠂ ᠡᠰᠲ᠋ᠣᠨᠢ ᠤᠯᠤᠰ ᠲᠠᠢ ᠡᠬᠢᠯᠡᠭᠦᠯᠦᠭᠰᠡᠨ ᠬᠠᠮᠲᠤ ᠶᠢᠨ ᠠᠵᠢᠯᠯᠠᠭ᠎ᠠ ᠨᠢ ᠮᠣᠩᠭᠣᠯ ᠤᠯᠤᠰ ᠲᠤ ᠴᠠᠬᠢᠮ ᠰᠢᠯᠵᠢᠯᠲᠡ ᠶᠢ ᠬᠡᠷᠡᠭᠵᠢᠭᠦᠯᠬᠦ ᠳᠦ ᠦᠨᠡᠲᠡᠢ ᠬᠤᠪᠢ ᠨᠡᠮᠡᠷᠢ ᠪᠣᠯᠤᠭᠰᠠᠨ ᠢ ᠣᠨᠴᠠᠯᠠᠵᠤ᠂ ᠲᠠᠯᠠᠷᠬᠠᠯ ᠢᠯᠡᠷᠬᠡᠶᠢᠯᠡᠪᠡ᠃

ᠮᠡᠳᠡᠭᠡᠯᠡᠯ ᠦᠨ ᠲᠧᠭᠨᠣᠯᠣᠭᠢ ᠶᠢᠨ ᠳᠡᠪᠰᠢᠯ ᠢ ᠠᠰᠢᠭᠯᠠᠵᠤ᠂ ᠢᠷᠭᠡᠳ ᠲᠦ ᠲᠥᠷᠥ ᠶᠢᠨ ᠦᠢᠯᠡᠴᠢᠯᠡᠭᠡ ᠶᠢ ᠬᠦᠨᠳᠦᠷᠡᠯ᠂ ᠴᠢᠷᠦᠭᠳᠡᠯ ᠭᠦᠢ ᠦᠵᠡᠭᠦᠯᠬᠦ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ ᠵᠣᠷᠢᠯᠭ᠎ᠠ ᠪᠠᠷ ᠴᠠᠬᠢᠮ ᠭᠠᠷ ᠤᠨ ᠦᠰᠦᠭ ᠦᠨ ᠲᠤᠬᠠᠢ᠂ ᠺᠢᠪᠧᠷ ᠠᠶᠤᠯ ᠦᠭᠡᠢ ᠪᠠᠶᠢᠳᠠᠯ ᠤᠨ ᠲᠤᠬᠠᠢ᠂ ᠨᠡᠶᠢᠲᠡ ᠶᠢᠨ ᠮᠡᠳᠡᠭᠡᠯᠡᠯ ᠦᠨ ᠢᠯᠡ ᠲᠣᠳᠣ ᠪᠠᠶᠢᠳᠠᠯ ᠤᠨ ᠲᠤᠬᠠᠢ᠂ ᠬᠤᠪᠢ ᠬᠦᠮᠦᠨ ᠦ ᠮᠡᠳᠡᠭᠡᠯᠡᠯ ᠬᠠᠮᠠᠭᠠᠯᠠᠬᠤ ᠲᠤᠬᠠᠢ ᠬᠠᠤᠯᠢ ᠶᠢᠨ ᠲᠥᠰᠥᠯ ᠢ ᠪᠣᠯᠪᠠᠰᠤᠷᠠᠭᠤᠯᠵᠤ᠂ ᠮᠣᠩᠭᠣᠯ ᠤᠯᠤᠰ ᠤᠨ ᠶᠡᠬᠡ ᠬᠤᠷᠠᠯ ᠠᠴᠠ ᠪᠠᠲᠤᠯᠠᠭᠰᠠᠨ᠃ ᠲᠤᠰ ᠬᠠᠤᠯᠢ ᠶᠢᠨ ᠬᠦᠷᠢᠶᠡᠨ ᠳᠦ ᠨᠡᠶᠢᠲᠡ ᠓᠗ ᠡᠷᠬᠡ ᠵᠦᠢ ᠶᠢᠨ ᠠᠺᠲ ᠪᠣᠯᠪᠠᠰᠤᠷᠠᠭᠤᠯᠤᠨ ᠪᠠᠲᠤᠯᠠᠭᠤᠯᠬᠤ ᠠᠴᠠ ᠒᠐᠒᠒ ᠣᠨ ᠤ ᠵᠢᠯ ᠦᠨ ᠡᠴᠦᠰ ᠦᠨ ᠪᠠᠶᠢᠳᠠᠯ ᠢᠶᠠᠷ ᠨᠡᠶᠢᠲᠡ ᠒᠑ ᠡᠷᠬᠡ ᠵᠦᠢ ᠶᠢᠨ ᠠᠺᠲ ᠢ ᠪᠣᠯᠪᠠᠰᠤᠷᠠᠭᠤᠯᠤᠨ ᠪᠠᠲᠤᠯᠠᠭᠤᠯᠤᠭᠰᠠᠨ ᠲᠠᠯ᠎ᠠ ᠪᠠᠷ ᠼᠠ᠊ ᠬᠥ᠊ ᠬᠠ᠊ ᠬᠣ᠊ ᠍-᠊ᠤ ᠰᠠᠶᠢᠳ ᠨ ∙ ᠤᠴᠠᠷᠠᠯ ᠮᠡᠳᠡᠭᠡᠯᠡᠯ᠎ᠡ᠃

ᠡᠯᠴᠢᠨ ᠰᠠᠶᠢᠳ ᠬᠠᠨᠧᠰ ᠬᠠᠩᠰᠣ ᠊ᠢᠢᠨ ᠵᠦᠭ ᠡᠴᠡ ᠮᠣᠩᠭᠣᠯ ᠤᠯᠤᠰ ᠲᠤ ᠴᠠᠬᠢᠮ ᠰᠢᠯᠵᠢᠯᠲᠡ ᠬᠢᠭᠳᠡᠵᠦ᠂ ᠲᠥᠷᠥ ᠊ᠢᠢᠨ ᠦᠢᠯᠡᠴᠢᠯᠡᠭᠡ ᠢᠷᠭᠡᠳ ᠲᠡᠢ ᠪᠡᠨ ᠣᠶᠢᠷ᠎ᠠ ᠪᠣᠯᠵᠤ ᠪᠠᠶᠢᠭ᠎ᠠ ᠨᠢ ᠪᠣᠳᠠᠲᠠᠢ ᠪᠠᠷ ᠬᠠᠷᠠᠭᠳᠠᠵᠤ ᠪᠠᠶᠢᠭ᠎ᠠ ᠊ᠢᠢ ᠳᠤᠷᠠᠳᠴᠤ᠂ ᠪᠦᠬᠦ ᠰᠠᠯᠪᠤᠷᠢ ᠶᠢᠨ ᠴᠠᠬᠢᠮ ᠰᠢᠯᠵᠢᠯᠲᠡ ᠶᠢ ᠬᠡᠷᠡᠭᠵᠢᠭᠦᠯᠬᠦ᠂ ᠲᠥᠷᠥ ᠊ᠢᠢᠨ ᠦᠢᠯᠡᠴᠢᠯᠡᠭᠡ ᠶᠢ ᠣᠯᠠᠨ ᠨᠡᠶᠢᠲᠡ ᠳᠦ ᠣᠶᠢᠷ᠎ᠠ ᠪᠣᠯᠭᠠᠬᠤ ᠳᠤ ᠬᠠᠤᠯᠢ ᠶᠢᠨ ᠰᠢᠨᠡᠴᠢᠯᠡᠯ ᠢ ᠬᠢᠬᠦ ᠨᠢ ᠬᠠᠮᠤᠭ ᠤᠨ ᠬᠦᠨᠳᠦ ᠠᠵᠢᠯ ᠨᠢ ᠪᠠᠶᠢᠳᠠᠭ ᠴᠤ ᠮᠣᠩᠭᠣᠯ ᠤᠯᠤᠰ ᠡᠨᠡ ᠲᠠᠯ᠎ᠠ ᠳᠡᠭᠡᠷ᠎ᠡ ᠬᠤᠷᠳᠤᠴᠠ ᠲᠠᠢ ᠳᠡᠪᠰᠢᠵᠦ ᠪᠠᠶᠢᠭ᠎ᠠ ᠶᠢ ᠣᠨᠴᠠᠯᠠᠯ᠎ᠠ᠃

ᠲᠠᠯ ᠤᠳ ᠬᠠᠮᠲᠤ ᠶᠢᠨ ᠠᠵᠢᠯᠯᠠᠭ᠎ᠠ ᠶᠢ ᠴᠠᠬᠢᠮ ᠠᠶᠤᠯ ᠦᠭᠡᠢ ᠪᠠᠶᠢᠳᠠᠯ ᠤᠨ ᠴᠢᠭᠯᠡᠯ ᠢᠶᠡᠷ ᠰᠢᠨ᠎ᠡ ᠲᠦᠪᠰᠢᠨ ᠳᠦ ᠬᠦᠷᠭᠡᠬᠦ ᠲᠠᠯ᠎ᠠ ᠪᠠᠷ ᠬᠠᠷᠢᠯᠴᠠᠨ ᠲᠣᠬᠢᠷᠠᠵᠤ᠂ ᠒᠐᠒᠓ ᠣᠨ ᠤ ᠐᠕ ᠳ᠋ᠤᠭᠠᠷ ᠰᠠᠷ᠎ᠠ ᠳᠤ ᠨᠤᠲᠤᠭ ᠪᠤᠴᠠᠬᠤ ᠦᠶ᠎ᠡ ᠪᠡᠷ ᠢᠶᠡᠨ ᠡᠯ᠎ᠡ ᠠᠰᠠᠭᠤᠳᠠᠯ ᠢ ᠡᠰᠲ᠋ᠣᠨᠢ ᠤᠯᠤᠰ ᠤᠨ ᠴᠠᠬᠢᠮ ᠵᠠᠰᠠᠭᠯᠠᠯ ᠤᠨ ᠠᠺᠠᠳᠧᠮᠢ ᠲᠠᠢ ᠠᠭᠤᠯᠵᠠᠯᠲᠠ ᠬᠢᠵᠦ ᠤᠯᠠᠮᠵᠢᠯᠠᠬᠤ ᠪᠣᠯᠬᠤ ᠪᠠᠨ ᠮᠡᠳᠡᠭᠳᠡᠯ᠎ᠡ᠃

ᠠᠭᠤᠯᠵᠠᠯᠲᠠ ᠶᠢᠨ ᠲᠡᠭᠦᠰᠬᠡᠯ ᠳᠦ ᠼᠠ᠊ ᠬᠥ᠊ ᠬᠠ᠊ ᠬᠣ᠊ ᠍ ᠤ ᠰᠠᠶᠢᠳ ᠨ ∙ ᠤᠴᠠᠷᠠᠯ ᠢᠷᠡᠬᠦ ᠐᠖ ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠣᠲᠠᠳ ᠵᠣᠬᠢᠶᠠᠨ ᠪᠠᠶᠢᠭᠤᠯᠤᠭᠳᠠᠬᠤ 《ICT Expo ᠒᠐᠒᠓ Mindgolia》 ᠪᠤᠶᠤ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠣᠯᠠᠨ ᠤᠯᠤᠰ ᠤᠨ ᠦᠵᠡᠰᠬᠦᠯᠡᠩ᠂ ᠬᠥᠷᠦᠩᠭᠡ ᠣᠷᠣᠭᠤᠯᠤᠭᠴᠢᠳ ᠤᠨ ᠣᠷᠣᠯᠴᠠᠬᠤ ᠲᠣᠮᠣᠬᠠᠨ ᠠᠷᠭ᠎ᠠ ᠬᠡᠮᠵᠢᠶᠡᠨ ᠳᠦ ᠡᠰᠲ᠋ᠣᠨᠢ ᠤᠯᠤᠰ ᠤᠨ ᠲᠥᠯᠦᠭᠡᠯᠡᠭᠴᠢᠳ ᠢ ᠣᠷᠣᠯᠴᠠᠬᠤ ᠶᠢ ᠤᠷᠢᠵᠤ᠂ ᠲᠤᠰ ᠤᠯᠤᠰ ᠤᠨ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠶᠢᠨ ᠰᠠᠯᠪᠤᠷᠢ ᠶᠢᠨ ᠺᠣᠮᠫᠠᠨᠢ ᠨᠤᠭᠤᠳ ᠢ ᠤᠭ ᠠᠷᠭ᠎ᠠ ᠬᠡᠮᠵᠢᠶᠡᠨ ᠳᠦ ᠤᠷᠢᠵᠤ ᠣᠷᠤᠯᠴᠠᠭᠤᠯᠬᠤ ᠶᠢ ᠬᠦᠰᠡᠵᠦ᠂ ᠡᠯᠴᠢᠨ ᠰᠠᠶᠢᠳ ᠤᠨ ᠵᠦᠭ ᠡᠴᠡ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠯ᠎ᠡ᠃

ᠨᠡᠶᠢᠲᠡᠯᠡᠭᠰᠡᠨ᠄