ᠭᠠᠰᠢᠭᠤᠨ ᠰᠤᠬᠠᠶ ᠊ᠳᠤ ᠪᠣᠭᠣᠮᠲᠠ ᠊ᠢᠢᠨ ᠴᠠᠭᠠᠨ ᠬᠠᠳᠠ ᠰᠠᠭᠤᠷᠢᠰᠢᠯ ᠤᠨ ᠪᠥᠰᠡ ᠊ᠳᠦ 《ᠲᠥᠷᠥ ᠊ᠢᠢᠨ ᠴᠠᠬᠢᠮ ᠦᠢᠯᠡᠴᠢᠯᠡᠭᠡᠨᠨ ᠊ᠤ ᠬᠤᠷᠳᠤᠨ》 ᠴᠡᠭᠡ ᠨᠡᠭᠡᠭᠡᠯ᠎ᠡ


ᠡᠮᠦᠨᠡᠭᠣᠪᠢ ᠠᠶᠢᠮᠠᠭ ᠤᠨ ᠭᠠᠰᠢᠭᠤᠨ ᠠᠰᠤᠬᠠᠢ ᠊ᠳᠤ ᠪᠣᠭᠣᠮᠲᠠ ᠊ᠢᠢᠨ ᠴᠠᠭᠠᠨ ᠬᠠᠳᠠ ᠰᠠᠭᠤᠷᠢᠰᠢᠯ ᠤᠨ ᠪᠦᠰᠡ ᠊ᠳᠦ ᠲᠥᠷᠦ ᠶᠢᠨ ᠴᠠᠬᠢᠮ ᠦᠢᠯᠡᠴᠢᠯᠡᠭᠡᠨ ᠦ 《ᠬᠤᠷᠳᠤᠨ》 ᠴᠡᠭ ᠨᠡᠭᠡᠭᠡᠯ᠎ᠡ᠃ ᠢᠩᠭᠢᠭᠰᠡᠨ ᠢᠶᠡᠷ ᠲᠤᠰ ᠪᠦᠰᠡ ᠳᠦ ᠠᠵᠢᠯᠯᠠᠵᠤ᠂ ᠠᠮᠢᠳᠤᠷᠠᠵᠤ ᠪᠠᠶᠢᠭ᠎ᠠ ᠒᠓ ᠮᠢᠩᠭ᠎ᠠ ᠭᠠᠷᠤᠢ ᠢᠷᠭᠡᠨ ᠲᠥᠷᠦ ᠶᠢᠨ ᠦᠢᠯᠡᠴᠢᠯᠡᠭᠡ ᠶᠢ ᠬᠠᠮᠤᠭ ᠤᠨ ᠣᠶᠢᠷ᠎ᠠ ᠴᠡᠭ ᠡᠴᠡ ᠬᠤᠷᠳᠤᠨ᠂ ᠰᠢᠭᠤᠷᠬᠠᠢ ᠠᠪᠬᠤ ᠪᠣᠯᠤᠮᠵᠢ ᠪᠦᠷᠢᠳᠦᠯ᠎ᠡ᠃

ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠬᠡᠷᠡᠭᠵᠢᠭᠦᠯᠵᠦ ᠪᠤᠢ ᠴᠠᠬᠢᠮ ᠰᠢᠯᠵᠢᠯᠲᠡ ᠶᠢ ᠡᠷᠴᠢᠮᠵᠢᠭᠦᠯᠬᠦ᠂ ᠴᠠᠬᠢᠮ ᠦᠨᠳᠦᠰᠦᠲᠡᠨ ᠪᠣᠯᠬᠤ ᠵᠣᠷᠢᠯᠲᠠ ᠶᠢᠨ ᠬᠦᠷᠢᠶᠡᠨ ᠳᠦ ᠲᠥᠷᠥ ᠶᠢᠨ ᠴᠠᠬᠢᠮ ᠦᠢᠯᠡᠴᠢᠯᠡᠭᠡ ᠶᠢ ᠢᠷᠭᠡᠳ ᠲᠦ ᠬᠦᠷᠭᠡᠬᠦ᠂ ᠢᠷᠭᠡᠳ ᠢ ᠮᠡᠳᠡᠭᠡᠯᠡᠯ᠂ ᠵᠥᠪᠯᠡᠭᠡ ᠪᠡᠷ ᠬᠠᠩᠭᠠᠬᠤ ᠠᠵᠢᠯ ᠢ ᠬᠤᠷᠳᠤᠨ ᠰᠢᠭᠤᠷᠬᠠᠢ ᠵᠣᠬᠢᠶᠠᠨ ᠪᠠᠶᠢᠭᠤᠯᠬᠤ ᠴᠢᠭ ᠡᠭᠦᠷᠭᠡ ᠪᠦᠬᠦᠢ ᠲᠥᠷᠥ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠪᠠᠶᠢᠭᠤᠯᠤᠭᠳᠠᠭᠠᠳ ᠓ ᠰᠠᠷ᠎ᠠ ᠪᠣᠯᠵᠤ ᠪᠠᠶᠢᠨ᠎ᠠ᠃

ᠲᠤᠰ ᠪᠠᠶᠢᠭᠤᠯᠤᠯᠭ᠎ᠠ ᠨᠢ ᠥᠨᠥᠳᠥᠷ ᠦᠨ ᠪᠠᠶᠢᠳᠠᠯ ᠢᠶᠠᠷ ᠲᠥᠷᠥ ᠶᠢᠨ ᠴᠠᠬᠢᠮ ᠦᠢᠯᠡᠴᠢᠯᠡᠭᠡᠨ ᠦ 《ᠬᠤᠷᠳᠤᠨ》 ᠴᠡᠭ ᠢ ᠨᠡᠶᠢᠰᠯᠡᠯ ᠤᠯᠠᠭᠠᠨᠪᠠᠭᠠᠲᠤᠷ ᠬᠣᠲᠠ ᠶᠢᠨ ᠬᠡᠮᠵᠢᠶᠡᠨ ᠊ᠳᠦ ᠑᠔ ᠴᠡᠭ ᠲᠦ ᠨᠡᠭᠡᠭᠡᠭᠡᠳ ᠪᠠᠶᠢᠨ᠎ᠠ᠃ ᠮᠥᠨ ᠬᠢᠯᠢ ᠶᠢᠨ ᠴᠢᠨᠠᠳᠤ ᠳᠤ ᠠᠵᠢᠯᠯᠠᠵᠤ ᠠᠮᠢᠳᠤᠷᠠᠵᠤ ᠪᠠᠶᠢᠭ᠎ᠠ ᠮᠣᠩᠭᠣᠯᠴᠤᠳ ᠲᠤ ᠪᠠᠨ ᠲᠥᠷᠦ ᠶᠢᠨ ᠦᠢᠯᠡᠴᠢᠯᠡᠭᠡ ᠶᠢ ᠬᠦᠷᠭᠡᠬᠦ ᠪᠡᠷ ᠪᠦ᠊ ᠨᠠ᠊ ᠰᠣ᠊ ᠤ᠊- ᠍ ᠤᠨ ᠰᠭᠦᠯ ᠬᠣᠲᠠ ᠶᠢᠨ ᠳ᠋ᠢᠫᠯᠣᠮᠠᠲ ᠲᠥᠯᠦᠭᠡᠯᠡᠭᠴᠢ ᠶᠢᠨ ᠭᠠᠵᠠᠷ᠂ ᠬᠥᠳᠡᠯᠮᠦᠷᠢ ᠬᠠᠯᠠᠮᠵᠢ ᠶᠢᠨ ᠦᠢᠯᠡᠴᠢᠯᠡᠭᠡᠨ ᠦ ᠲᠥᠪ᠂ ᠫᠤᠶᠢᠰᠤᠨ ᠬᠣᠲᠠ ᠶᠢᠨ ᠳ᠋ᠢᠫᠯᠣᠮᠠᠲ ᠲᠥᠯᠦᠭᠡᠯᠡᠭᠴᠢ ᠶᠢᠨ ᠭᠠᠵᠠᠷ᠂ ᠠᠦᠢᠰᠲᠷᠢ ᠶᠢᠨ ᠸᠸᠨᠠ ᠬᠣᠲᠠᠳ ᠲᠥᠷᠦ ᠶᠢᠨ ᠴᠠᠬᠢᠮ ᠦᠢᠯᠡᠴᠢᠯᠡᠭᠡᠨ ᠦ 《ᠬᠤᠷᠳᠤᠨ》 ᠴᠡᠭᠡ ᠢ ᠪᠠᠶᠢᠭᠤᠯᠤᠭᠰᠠᠨ᠃

ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ᠄ ᠥᠨᠥᠳᠥᠷ ᠦᠨ ᠪᠠᠶᠢᠳᠠᠯ ᠢᠶᠠᠷ ᠨᠡᠶᠢᠲᠡ ᠓᠙ ᠪᠠᠶᠢᠭᠤᠯᠤᠯᠭ᠎ᠠ ᠶᠢᠨ ᠔᠔᠐ ᠣᠷᠴᠢᠮ ᠦᠢᠯᠡᠴᠢᠯᠡᠭᠡ ᠶᠢ ᠬᠦᠮᠦᠨ᠂ ᠬᠠᠤᠯᠢ ᠶᠢᠨ ᠡᠲᠡᠭᠡᠳ ᠲᠦ ᠣᠫᠧᠷᠠᠲ᠋ᠣᠷ ᠤᠨ ᠭᠣᠷᠢᠮ ᠢᠶᠠᠷ ᠦᠵᠡᠭᠦᠯᠬᠦ ᠪᠡᠯᠡᠳᠬᠡᠯ ᠠᠵᠢᠯ ᠢ ᠬᠠᠩᠭᠠᠨ ᠠᠵᠢᠯᠯᠠᠵᠤ ᠪᠠᠶᠢᠨ᠎ᠠ᠃ ᠴᠢᠨᠠᠭᠰᠢᠯᠠᠭᠠᠳ ᠒᠐᠒᠓ ᠣᠨᠳᠣᠣ ᠦᠶ᠎ᠡ ᠱᠠᠲᠤ ᠲᠠᠢ ᠪᠠᠷ ᠕᠕ ᠪᠠᠶᠢᠭᠤᠯᠤᠯᠭ᠎ᠠ ᠶᠢᠨ ᠗᠙᠐ ᠣᠷᠴᠢᠮ ᠲᠥᠷᠥ ᠶᠢᠨ ᠦᠢᠯᠡᠴᠢᠯᠡᠭᠡ ᠶᠢ ᠢᠷᠭᠡᠳ ᠮᠠᠨᠢ 《ᠬᠤᠷᠳᠤᠨ》 ᠴᠡᠭ ᠢᠶᠡᠷ ᠳᠠᠮᠵᠢᠭᠤᠯᠤᠨ ᠠᠪᠬᠤ ᠪᠣᠯᠤᠮᠵᠢ ᠪᠦᠷᠢᠨ ᠪᠥᠷᠢᠳᠦᠨ᠎ᠡ᠃ ᠡᠨᠡ ᠠᠵᠢᠯ ᠢ ᠨᠡᠩ ᠶᠠᠭᠠᠷᠠᠯ ᠲᠠᠢ ᠬᠢᠬᠦ ᠳᠦ ᠴᠠᠬᠢᠮ ᠬᠥᠭᠵᠢᠯ᠂ ᠬᠠᠷᠢᠯᠠᠭ᠎ᠠ ᠬᠣᠯᠪᠣᠭᠠᠨ ᠤ ᠶᠠᠮᠤ᠂ ᠲᠥᠷᠥ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ᠂ ᠢ-ᠮᠣᠩᠭᠣᠯ ᠠᠺᠠᠳᠧᠮᠢ ᠤ᠊ ᠲᠥ᠊ ᠦ᠊ ᠭᠠ᠊ ᠵᠡᠷᠭᠡ ᠪᠠᠶᠢᠭᠤᠯᠤᠯᠭ᠎ᠠ ᠨᠤᠭᠤᠳ ᠣᠨᠴᠠᠭᠠᠢ ᠠᠩᠬᠠᠷᠤᠯ ᠬᠠᠨᠳᠤᠭᠤᠯᠵᠤ ᠠᠵᠢᠯᠯᠠᠵᠤ ᠪᠠᠶᠢᠨ᠎ᠠ᠃ ᠮᠥᠨ ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠬᠦᠷᠢᠶᠡᠨ ᠳᠦ ᠲᠥᠷᠥ ᠡᠴᠡ ᠦᠵᠡᠭᠦᠯᠬᠦ ᠦᠢᠯᠡᠴᠢᠯᠡᠭᠡ ᠶᠢ ᠴᠠᠬᠢᠮᠵᠢᠭᠤᠯᠵᠤ᠂ ᠲᠥᠷᠥ ᠶᠢᠨ ᠬᠦᠨᠳᠦ ᠰᠤᠷᠲᠠᠯ ᠢ ᠪᠠᠭᠤᠷᠠᠭᠤᠯᠬᠤ᠂ ᠬᠦᠷᠲᠡᠭᠡᠮᠵᠢ᠂ ᠲᠣᠭ᠎ᠠ ᠶᠢ ᠨᠡᠮᠡᠭᠳᠡᠭᠦᠯᠵᠦ᠂ ᠑᠐᠐᠐ ᠍ ᠳᠦ ᠬᠦᠷᠭᠡᠵᠦ ᠢᠷᠭᠡᠳ ᠲᠦ ᠣᠷᠣᠨ ᠵᠠᠢ ᠴᠠᠭ ᠬᠤᠭᠤᠴᠠᠭᠠᠨ ᠠᠴᠠ ᠦᠯᠦ ᠬᠠᠮᠢᠶᠠᠷᠴᠢ ᠲᠥᠷᠥ ᠶᠢᠨ ᠦᠢᠯᠡᠴᠢᠯᠡᠭᠡ ᠶᠢ ᠴᠠᠬᠢᠮ ᠢᠶᠠᠷ ᠬᠤᠷᠳᠤᠨ ᠰᠢᠭᠤᠷᠬᠠᠢ᠂ ᠬᠦᠨᠳᠦᠷᠡᠯ ᠴᠢᠷᠦᠭᠳᠡᠯ ᠭᠦᠢ᠂ ᠬᠠᠮᠤᠭ ᠤᠨ ᠣᠶᠢᠷ᠎ᠠ ᠴᠡᠭ ᠡᠴᠡ ᠠᠪᠬᠤ ᠪᠣᠯᠤᠮᠵᠢ ᠪᠥᠷᠢᠳᠦᠨ᠎ᠡ᠃

ᠴᠠᠭᠠᠰᠢᠳᠠ ᠲᠥᠷᠦ ᠶᠢᠨ ᠴᠠᠬᠢᠮ ᠦᠢᠯᠡᠴᠢᠯᠡᠭᠡᠨ ᠦ 《ᠬᠤᠷᠳᠤᠨ》 ᠴᠡᠭ ᠮᠣᠩᠭᠣᠯ ᠤᠯᠤᠰ ᠠᠴᠠ ᠬᠢᠯᠢ ᠶᠢᠨ ᠴᠢᠨᠠᠳᠤ ᠳᠤ ᠳ᠋ᠠᠬᠢ ᠔᠗ ᠳ᠋ᠢᠫᠯᠣᠮᠠᠲ ᠲᠥᠯᠦᠭᠡᠯᠡᠭᠴᠢ ᠶᠢᠨ ᠭᠠᠵᠠᠷ᠂ ᠨᠡᠶᠢᠰᠯᠡᠯ ᠦᠨ ᠬᠡᠮᠵᠢᠶᠡᠨ ᠳᠦ ᠖᠑ ᠴᠡᠭ᠂ ᠒᠑ ᠠᠶᠢᠮᠠᠭ ᠲᠤ ᠔᠂᠕ ᠳ᠋ᠤᠭᠠᠷ ᠰᠠᠷ᠎ᠠ ᠨᠤᠭᠤᠳ ᠲᠤ ᠡᠭᠡᠯᠵᠢ ᠳᠠᠷᠠᠭᠠᠯᠠᠨ ᠨᠡᠬᠡᠭᠡᠬᠦ ᠪᠡᠯᠡᠳᠬᠡᠯ ᠠᠵᠢᠯ ᠡᠷᠴᠢᠮᠲᠡᠢ ᠶᠠᠪᠤᠭᠳᠠᠵᠤ ᠪᠠᠶᠢᠨ᠎ᠠ᠃ ᠲᠤᠰ ᠴᠡᠭᠡ ᠨᠦᠭᠦᠳ ᠪᠠᠶᠢᠭᠤᠯᠤᠭᠳᠠᠰᠤᠨ ᠢᠶᠠᠷ ᠢᠷᠭᠡᠳ 《ᠬᠤᠷᠳᠤᠨ》 ᠭᠡᠰᠡᠨ ᠪᠷᠧᠨᠳᠪᠥᠺ ᠪᠦᠬᠦᠢ ᠬᠠᠶ᠋ᠢᠭᠵᠢᠯᠲᠠ ᠲᠠᠢ ᠭᠠᠵᠠᠷ ᠠᠴᠠ ᠲᠥᠷᠥ ᠶᠢᠨ ᠦᠢᠯᠡᠴᠢᠯᠡᠭᠡ ᠶᠢ ᠬᠠᠮᠤᠭ ᠤᠨ ᠣᠶᠢᠷ᠎ᠠ ᠠᠴᠠ ᠠᠪᠬᠤ ᠪᠣᠯᠤᠮᠵᠢ ᠪᠥᠷᠢᠳᠬᠦ ᠶᠤᠮ᠃

ᠨᠡᠶᠢᠲᠡᠯᠡᠭᠰᠡᠨ᠄