ᠱᠦᠭᠯᠦ ᠦᠯᠢᠶᠡᠭᠴᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠢ ᠬᠠᠤᠯᠢ ᠶᠢᠨ ᠲᠥᠰᠦᠯ ᠦᠨ ᠬᠡᠯᠡᠯᠴᠡᠭᠦᠯᠭᠡ ᠥᠷᠨᠢᠯ᠎ᠡ


ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤ 《ᠱᠦᠭᠯᠦ ᠦᠯᠡᠭᠡᠭᠴᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠢ》 ᠬᠠᠤᠯᠢ ᠶᠢᠨ ᠲᠥᠰᠥᠯ᠂ ᠲᠡᠭᠦᠨ ᠦ ᠦᠵᠡᠯ ᠪᠠᠷᠢᠮᠲᠠᠯᠠᠯ᠂ ᠳᠠᠭᠠᠯᠳᠤᠬᠤ ᠬᠠᠤᠯᠢ ᠶᠢᠨ ᠲᠥᠰᠥᠯ ᠢ ᠒᠐᠒᠑ ᠣᠨ ᠤ ᠐᠙ ᠳᠦᠭᠡᠷ ᠰᠠᠷ᠎ᠠ ᠶᠢᠨ ᠑᠐ ᠍ ᠤ ᠡᠳᠦᠷ ᠴᠠᠬᠢᠮ ᠬᠤᠤᠳᠠᠰᠤ ᠳᠤ ᠪᠠᠨ ᠪᠠᠶᠢᠷᠢᠰᠢᠭᠤᠯᠵᠤ᠂ ᠣᠯᠠᠨ ᠨᠡᠶᠢᠲᠡ ᠡᠴᠡ ᠰᠠᠨᠠᠯ ᠠᠪᠴᠤ ᠡᠬᠢᠯᠡᠭᠰᠡᠨ᠃ ᠡᠨᠡᠬᠦ ᠬᠠᠤᠯᠢ ᠶᠢᠨ ᠲᠥᠰᠥᠯ ᠦᠨ ᠠᠩᠬᠠᠨ ᠤ ᠬᠡᠯᠡᠯᠴᠡᠭᠦᠯᠭᠡ ᠶᠢ ᠤᠯᠤᠰ ᠤᠨ ᠶᠡᠬᠡ ᠬᠤᠷᠠᠯ ᠤᠨ ᠠᠵᠢᠯ ᠤᠨ ᠬᠡᠰᠡᠭ ᠡᠴᠡ ᠥᠨᠥᠳᠥᠷ /᠒᠐᠒᠓.᠐᠔.᠐᠔/ ᠰᠡᠳᠬᠦᠯᠴᠢᠳ ᠪᠣᠯᠤᠨ ᠲᠥᠷᠥ ᠶᠢᠨ ᠪᠤᠰᠤ ᠪᠠᠶᠢᠭᠤᠯᠤᠯᠭ᠎ᠠ᠂ ᠣᠯᠠᠨ ᠨᠡᠶᠢᠲᠡ ᠶᠢᠨ ᠪᠠᠶᠢᠭᠤᠯᠤᠯᠭ᠎ᠠ ᠶᠢᠨ ᠲᠥᠯᠥᠭᠡᠯᠡᠯ ᠢ ᠣᠷᠤᠯᠴᠠᠭᠤᠯᠤᠨ ᠵᠣᠬᠢᠶᠠᠨ ᠪᠠᠶᠢᠭᠤᠯᠤᠯ᠎ᠠ᠃

ᠬᠡᠯᠡᠯᠴᠡᠭᠦᠯᠭᠡ ᠶᠢ ᠨᠡᠭᠡᠭᠡᠵᠦ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠄ ᠱᠦᠭᠯᠦ ᠦᠯᠢᠶᠡᠭᠴᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠢ ᠬᠠᠤᠯᠢ ᠶᠢ ᠠᠪᠤᠯᠠᠭ ᠲᠠᠢ ᠲᠡᠮᠡᠴᠡᠬᠦ ᠦᠨᠳᠦᠰᠦᠨ ᠦ ᠬᠥᠲᠦᠯᠪᠦᠷᠢ ᠳᠦ ᠡᠷᠬᠡ ᠵᠦᠢ ᠶᠢᠨ ᠣᠷᠴᠢᠨ ᠲᠠᠢ ᠨᠢ ᠤᠶᠠᠯᠳᠤᠭᠤᠯᠵᠤ ᠪᠠᠶᠢᠭᠤᠯᠤᠯᠭ᠎ᠠ ᠪᠦᠷᠢ ᠳᠦ ᠲᠥᠯᠦᠪᠰᠢᠭᠦᠯᠵᠦ᠂ ᠢᠨᠰᠲ᠋ᠢᠲ᠋ᠦᠶᠢᠲᠴᠢᠯᠠᠬᠤ ᠠᠰᠠᠭᠤᠳᠠᠯ ᠢ ᠰᠠᠭᠤᠯᠭᠠᠬᠤ ᠶᠣᠰᠣᠲᠠᠢ᠃ ᠬᠠᠤᠯᠢ ᠶᠢᠨ ᠬᠡᠷᠡᠭᠵᠢᠯᠲᠡ ᠪᠠᠲᠤᠯᠠᠭᠳᠠᠭᠰᠠᠨ ᠤ ᠳᠠᠷᠠᠭ᠎ᠠ ᠭᠡᠵᠦ ᠦᠵᠡᠵᠦ ᠪᠠᠶᠢᠨ᠎ᠠ᠃ ᠮᠥᠨ ᠬᠠᠤᠯᠢ ᠶᠢᠨ ᠫᠷᠣᠼᠧᠰᠰ ᠨᠢ ᠲᠣᠳᠣᠷᠬᠠᠢ ᠪᠠᠶᠢᠬᠤ ᠶᠣᠰᠣᠲᠠᠢ᠃ ᠠᠯᠢᠪᠠ ᠣᠷᠭᠠᠨᠢᠭ ᠬᠠᠤᠯᠢ ᠨᠤᠭᠤᠳ ᠤᠨ ᠫᠷᠣᠼᠧᠰᠰ ᠢ ᠨᠢ ᠨᠠᠷᠢᠪᠴᠢᠯᠠᠬᠤ ᠦᠭᠡᠢ ᠪᠣᠯ ᠫᠷᠣᠼᠧᠰᠰ ᠳᠡᠭᠡᠷ᠎ᠡ ᠪᠡᠨ ᠠᠰᠠᠭᠤᠳᠠᠯ ᠤᠳ ᠭᠠᠷᠳᠠᠭ᠃

ᠮᠥᠨ ᠱᠦᠭᠯᠦ ᠦᠯᠢᠶᠡᠬᠦ ᠨᠡᠷ᠎ᠡ ᠶᠢᠨ ᠳᠣᠣᠷ᠎ᠠ ᠪᠤᠰᠤᠳ ᠤᠨ ᠨᠡᠷ᠎ᠡ ᠬᠦᠨᠳᠦ ᠳᠦ ᠬᠠᠯᠳᠠᠬᠤ᠂ ᠬᠦᠮᠦᠨ ᠦ ᠡᠷᠬᠡ ᠶᠢ ᠵᠥᠷᠢᠴᠡᠬᠦ ᠦᠭᠡᠢ ᠪᠠᠶᠢᠬᠤ ᠲᠠᠯ᠎ᠠ ᠠᠴᠠ ᠨᠢ ᠳᠠᠪᠬᠤᠷ ᠪᠣᠳᠣᠬᠤ ᠱᠠᠭᠠᠷᠳᠠᠯᠭ᠎ᠠ ᠲᠠᠢ᠃ ᠱ᠊ ᠦ᠊ ᠡ᠊ ᠪ᠊ᠠ᠊ ᠲᠤ᠊ ᠬᠠᠤᠯᠢ ᠶᠢᠨ ᠲᠥᠰᠥᠯ ᠢ ᠣᠯᠠᠨ ᠲᠠᠯ᠎ᠠ ᠠᠴᠠ ᠨᠢ ᠬᠡᠯᠡᠯᠴᠡᠵᠦ᠂ ᠢᠷᠭᠡᠳ ᠣᠯᠠᠨ ᠨᠡᠶᠢᠲᠡ ᠶᠢᠨ ᠬᠡᠯᠡᠯᠴᠡᠭᠦᠯᠭᠡ ᠪᠡᠷ ᠰᠢᠭᠦᠰᠦ ᠶᠢ ᠨᠢ ᠰᠠᠶᠢᠨ ᠰᠢᠬᠠᠵᠤ᠂ ᠥᠷᠭᠡᠨ ᠬᠦᠷᠢᠶᠡᠨ ᠳᠦ ᠵᠣᠬᠢᠶᠠᠨ ᠪᠠᠶᠢᠭᠤᠯᠵᠤ᠂ ᠢᠷᠭᠡᠳ ᠦᠨ ᠰᠠᠨᠠᠯ᠂ ᠣᠯᠠᠨ ᠤᠯᠤᠰ ᠤᠨ ᠲᠤᠷᠰᠢᠯᠭ᠎ᠠ᠂ ᠣᠨᠣᠯ ᠡᠷᠬᠡ ᠵᠦᠢ ᠶᠢᠨ ᠰᠠᠭᠤᠷᠢᠨ ᠳᠡᠭᠡᠷ᠎ᠡ ᠦᠨᠳᠦᠰᠦᠯᠡᠵᠦ᠂ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠪᠠᠲᠤᠯᠠᠬᠤ ᠪᠣᠯᠤᠨ᠎ᠠ ᠭᠡᠳᠡᠭ ᠢ ᠣᠨᠴᠠᠯᠠᠯ᠎ᠠ᠃

ᠤᠯᠤᠰ ᠤᠨ ᠶᠡᠬᠡ ᠬᠤᠷᠠᠯ ᠤᠨ ᠭᠡᠰᠢᠭᠦᠨ᠂ ᠠᠵᠢᠯ ᠤᠨ ᠬᠡᠰᠡᠭ ᠦᠨ ᠠᠬᠠᠯᠠᠭᠴᠢ ᠼ ∙ ᠮᠥᠩᠭᠥᠨᠴᠡᠴᠡᠭ ᠬᠡᠯᠡᠯᠴᠡᠭᠦᠯᠭᠡ ᠶᠢᠨ ᠳᠢᠭ ᠪᠣᠯᠤᠨ ᠣᠷᠣᠯᠴᠠᠭᠴᠢᠳ ᠢ ᠲᠠᠨᠢᠯᠴᠠᠭᠤᠯᠤᠨ᠂ ᠬᠠᠤᠯᠢ ᠵᠦᠢ᠂ ᠳᠣᠲᠣᠭᠠᠳᠤ ᠬᠡᠷᠡᠭ ᠦᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠫ ∙ ᠰᠠᠶᠢᠨᠵᠣᠷᠢᠭ ᠲᠤᠰ ᠬᠠᠤᠯᠢ ᠶᠢᠨ ᠲᠥᠰᠥᠯ ᠦᠨ ᠲᠠᠯ᠎ᠠ ᠪᠠᠷ ᠬᠠᠤᠯᠢ ᠰᠠᠨᠠᠭᠠᠴᠢᠯᠠᠭᠴᠢ ᠶᠢᠨ ᠲᠠᠨᠢᠯᠴᠠᠭᠤᠯᠭ᠎ᠠ ᠬᠢᠵᠦ᠂ ᠨᠡᠭᠡᠭᠡᠯᠲᠡᠲᠡᠢ ᠨᠡᠶᠢᠭᠡᠮ ᠹᠣᠷᠣᠮ ᠲᠥᠷᠥ ᠶᠢᠨ ᠪᠤᠰᠤ ᠪᠠᠶᠢᠭᠤᠯᠤᠯᠭ᠎ᠠ ᠤᠨ ᠡᠷᠬᠡ ᠵᠦᠢ ᠶᠢᠨ ᠬᠥᠲᠥᠯᠪᠦᠷᠢ ᠶᠢᠨ ᠮᠧᠨᠧᠵᠧᠷ ᠫ ∙ ᠪᠠᠳᠠᠮᠤᠷᠤᠭᠴᠢ ᠪᠠᠨ ᠬᠠᠤᠯᠢ ᠶᠢᠨ ᠲᠥᠰᠥᠯ ᠳᠦ ᠥᠭᠬᠦ ᠰᠠᠨᠠᠯ ᠰᠢᠭᠦᠮᠵᠢ ᠶᠢ ᠲᠠᠨᠢᠯᠴᠠᠭᠤᠯᠪᠠ᠃

ᠬᠡᠯᠡᠯᠴᠡᠭᠦᠯᠭᠡ ᠊ᠳᠦ ᠍ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠱᠦᠭᠯᠦ ᠦᠯᠢᠶᠡᠭᠴᠢ ᠶᠢᠨ ᠡᠷᠬᠡ ᠵᠦᠢ ᠶᠢᠨ ᠪᠠᠶᠢᠳᠠᠯ ᠳᠤ ᠠᠩᠬᠠᠷᠤᠯ ᠲᠠᠯᠪᠢᠵᠤ᠂ ᠬᠠᠤᠯᠢ ᠶᠢᠨ ᠲᠣᠮᠢᠶᠠᠯᠠᠯ ᠢ ᠰᠠᠶᠢᠵᠢᠷᠠᠭᠤᠯᠬᠤ ᠵᠣᠷᠢᠯᠭ᠎ᠠ ᠪᠠᠷ ᠲᠣᠳᠣᠷᠬᠠᠢ ᠬᠡᠳᠦᠨ ᠵᠦᠢᠯ ᠵᠢᠭᠠᠯᠲᠠ ᠶᠢᠨ ᠲᠤᠬᠠᠢ ᠬᠡᠯᠡᠭᠰᠡᠨ ᠰᠠᠨᠠᠯ ᠳᠤ ᠪᠠᠨ᠄

ᠰᠠᠨᠠᠯ᠄᠑ ᠪᠢᠴᠢᠭ ᠢᠶᠡᠷ ᠭᠠᠷᠭᠠᠨ᠎ᠠ ᠭᠡᠳᠡᠭ ᠬᠢᠵᠠᠭᠠᠷᠯᠠᠯᠲᠠ ᠶᠢ ᠡᠷᠭᠢᠵᠦ ᠬᠠᠷᠠᠬᠤ ᠶᠣᠰᠣᠲᠠᠢ᠃ ᠱᠦᠭᠯᠦ ᠦᠯᠢᠶᠡᠭᠴᠢ ᠨᠡᠶᠢᠭᠡᠮ ᠳᠦ ᠡᠭᠦᠰᠦᠭᠰᠡᠨ ᠨᠣᠴᠢᠲᠠᠢ ᠠᠰᠠᠭᠤᠳᠠᠯ ᠳᠤ ᠠᠩᠬᠠᠷᠤᠯ ᠬᠠᠨᠳᠤᠭᠤᠯᠵᠤ ᠮᠡᠳᠡᠭᠡᠯᠡᠬᠦ ᠭᠣᠣᠯ ᠵᠣᠷᠢᠯᠭ᠎ᠠ ᠠᠭᠤᠯᠵᠤ ᠪᠠᠶᠢᠭ᠎ᠠ᠃ ᠡᠭᠦᠨ ᠢ ᠴᠠᠬᠢᠮ ᠣᠷᠴᠢᠨ ᠳᠤ ᠸᠢᠳᠢᠣ᠋ ᠬᠡᠯᠪᠡᠷᠢ ᠪᠡᠷ ᠦᠵᠡᠭᠦᠯᠵᠦ ᠪᠣᠯᠤᠨ᠎ᠠ᠃ ᠥᠭᠡᠷ᠎ᠡ ᠪᠤᠰᠤᠳ ᠪᠦᠬᠦ ᠬᠡᠯᠪᠡᠷᠢ ᠶᠢ ᠵᠥᠪᠰᠢᠶᠡᠷᠡᠭᠰᠡᠨ ᠪᠠᠶᠢᠳᠠᠯ ᠢᠶᠠᠷ ᠲᠣᠳᠣᠷᠬᠠᠶᠢᠯᠠᠬᠤ ᠦᠭᠡᠢ ᠪᠣᠯ ᠪᠢᠴᠢᠭ ᠢᠶᠡᠷ ᠢᠷᠡᠭᠡ ᠦᠭᠡᠢ ᠭᠡᠳ ᠡᠨᠡ ᠬᠠᠤᠯᠢ ᠶᠢᠨ ᠦᠢᠯᠡᠴᠢᠯᠡᠯ ᠳᠦ ᠬᠠᠮᠢᠶᠠᠷᠬᠤ ᠦᠭᠡᠢ᠂ ᠱᠦᠭᠯᠦ ᠦᠯᠢᠶᠡᠭᠴᠢ ᠪᠣᠯᠬᠤ ᠦᠭᠡᠢ ᠶᠤᠮ ᠰᠢᠭ ᠣᠶᠢᠯᠠᠭᠠᠭᠳᠠᠵᠤ ᠪᠠᠶᠢᠨ᠎ᠠ᠃

ᠰᠠᠨᠠᠯ᠄᠒ ᠱᠦᠭᠯᠦ ᠦᠯᠢᠶᠡᠭᠴᠢ ᠪᠣᠯ ᠬᠣᠶᠠᠷ ᠵᠦᠢᠯ ᠳᠡᠭᠡᠷ᠎ᠡ ᠠᠩᠬᠠᠷᠤᠯ ᠢᠶᠠᠨ ᠬᠠᠨᠳᠤᠭᠤᠯᠤᠨ᠎ᠠ ᠑᠃ ᠪᠢ ᠬᠠᠷᠢᠭᠤᠴᠠᠯᠭ᠎ᠠ ᠠᠴᠠ ᠴᠢᠯᠦᠭᠡᠯᠡᠭᠳᠡᠬᠦ ᠦᠦ? ᠒᠃ ᠬᠠᠮᠠᠭᠠᠯᠠᠭᠳᠠᠵᠤ ᠴᠢᠳᠠᠬᠤ ᠤᠤ? ᠱᠦᠭᠯᠦ ᠦᠯᠢᠶᠡᠭᠴᠢ ᠨᠢ ᠬᠠᠮᠢᠶᠠᠷᠤᠯ ᠪᠦᠬᠦᠢ ᠡᠲᠡᠭᠡᠳ ᠦᠨ ᠬᠠᠮᠲᠤ ᠬᠠᠤᠯᠢ ᠶᠢᠨ ᠬᠠᠮᠠᠭᠠᠯᠠᠯᠲᠠ ᠳᠤ ᠪᠠᠶᠢᠬᠤ ᠶᠣᠰᠣᠲᠠᠢ᠃ ᠬᠠᠮᠠᠭᠠᠯᠠᠬᠤ ᠭᠡᠵᠦ ᠪᠠᠶᠢᠭ᠎ᠠ ᠪᠣᠯ ᠬᠠᠮᠠᠭᠠᠯᠠᠬᠤ ᠠᠷᠭ᠎ᠠ ᠬᠡᠷᠡᠭᠰᠡᠯ ᠮᠠᠰᠢ ᠲᠣᠳᠣᠷᠬᠠᠢ ᠪᠠᠶᠢᠬᠤ ᠶᠣᠰᠣᠲᠠᠢ᠃

ᠬᠠᠤᠯᠢ ᠊ᠢᠢᠨ ᠬᠠᠮᠠᠭᠠᠯᠠᠯᠲᠠ ᠡᠭᠦᠰᠬᠡᠬᠦ᠂ ᠬᠠᠤᠯᠢ ᠬᠢᠨᠠᠯᠲᠠ ᠊ᠢᠢᠨ ᠪᠠᠶᠢᠭᠤᠯᠤᠯᠭ᠎ᠠ ᠢᠯᠡᠭᠦᠦ ᠰᠠᠨᠠᠭᠠᠴᠢᠯᠠᠭ᠎ᠠ ᠲᠠᠢ ᠪᠠᠶᠢᠬᠤ᠂ ᠨᠢᠭᠡᠨᠲᠡ ᠥᠪᠡᠷ ᠦᠨ ᠠᠮᠢ ᠨᠠᠰᠤ᠂ ᠢᠷᠡᠭᠡᠳᠦᠢ ᠶᠢ ᠡᠷᠦᠰᠳᠡᠯ ᠊ᠳᠦ ᠣᠷᠣᠭᠤᠯᠵᠤ ᠱᠦᠭᠯᠦ ᠦᠯᠢᠶᠡᠵᠦ ᠪᠠᠶᠢᠭ᠎ᠠ ᠡᠨᠡ ᠲᠣᠬᠢᠶᠠᠯᠳᠤᠯ ᠊ᠳᠤ ᠲᠡᠷᠡ ᠬᠦᠮᠦᠨ ᠦ ᠡᠮᠦᠨ᠎ᠡ ᠡᠴᠡ ᠣᠴᠢᠵᠤ ᠠᠵᠢᠯᠯᠠᠭ᠎ᠠ ᠬᠢᠬᠦ᠂ ᠰᠠᠨᠠᠭᠠᠴᠢᠯᠠᠭ᠎ᠠ ᠲᠠᠢ ᠪᠠᠶᠢᠬᠤ ᠲᠠᠯ᠎ᠠ ᠠᠴᠠ ᠨᠢ ᠡᠭᠦᠷᠭᠡ ᠶᠢ ᠨᠢ ᠪᠢᠴᠢᠵᠦ ᠥᠭᠭᠦᠬᠦ ᠦᠭᠡᠢ ᠪᠣᠯ ᠬᠦᠰᠡᠯ ᠳᠦ ᠭᠠᠷᠭᠠᠪᠠᠯ ᠠᠪᠤᠨ᠎ᠠ᠂ ᠱᠦᠭᠯᠦ ᠦᠯᠢᠶᠡᠭᠰᠡᠨ ᠳᠦ ᠲᠣᠭᠠᠴᠠᠨ᠎ᠠ᠂ ᠬᠦᠰᠡᠯ ᠳᠦ ᠭᠠᠷᠭᠠᠬᠤ ᠦᠭᠡᠢ ᠪᠣᠯ ᠬᠠᠮᠠᠭᠠᠯᠠᠬᠤ ᠦᠭᠡᠢ᠂ ᠪᠢᠴᠢᠭ ᠢᠶᠡᠷ ᠢᠷᠡᠭᠦᠯᠬᠦ ᠶᠣᠰᠣᠲᠠᠢ ᠭᠡᠳ ᠬᠢᠵᠠᠭᠠᠷᠯᠠᠴᠢᠬᠠᠷ᠎ᠠ ᠭᠣᠣᠯ ᠵᠣᠷᠢᠯᠭ᠎ᠠ ᠪᠠᠨ ᠪᠡᠶᠡᠯᠡᠭᠦᠯᠬᠦ ᠦᠭᠡᠢ ᠪᠠᠶᠢᠭ᠎ᠠ ᠦᠷ᠎ᠡ ᠳᠠᠭᠠᠪᠤᠷᠢ ᠡᠭᠦᠰᠬᠡᠴᠢᠬᠡ ᠸᠢᠢ ᠭᠡᠰᠡᠨ ᠪᠣᠯᠭᠣᠮᠵᠢᠯᠠᠯ ᠪᠠᠶᠢᠭ᠎ᠠ ᠤᠴᠢᠷ ᠠᠴᠠ ᠲᠣᠮᠢᠶᠠᠯᠠᠯ ᠳᠡᠭᠡᠷ᠎ᠡ ᠪᠡᠨ ᠡᠷᠭᠢᠵᠦ ᠬᠠᠷᠠᠬᠤ ᠬᠡᠷᠡᠭᠲᠡᠢ ᠶᠢ ᠳᠤᠷᠠᠳᠤᠯ᠎ᠠ᠃
ᠱᠦᠭᠯᠦ ᠦᠯᠡᠭᠡᠭᠴᠢ ᠶᠢᠨ ᠡᠷᠬᠡ ᠵᠦᠢ ᠶᠢᠨ ᠪᠠᠶᠢᠳᠠᠯ ᠤᠨ ᠲᠤᠬᠠᠢ ᠬᠠᠤᠯᠢ ᠨᠢ ᠠᠪᠤᠯᠠ ᠠᠰᠢᠭ ᠰᠣᠨᠢᠷᠬᠠᠯ ᠤᠨ ᠵᠥᠷᠢᠴᠡᠯ ᠡᠴᠡ ᠤᠷᠢᠳᠴᠢᠯᠠᠨ ᠰᠡᠷᠭᠡᠶᠢᠯᠡᠬᠦ᠂ ᠲᠠᠰᠤᠯᠤᠨ ᠵᠣᠭᠰᠣᠭᠠᠬᠤ᠂ ᠨᠡᠶᠢᠲᠡ ᠶᠢᠨ ᠡᠷᠡᠭᠦᠯ ᠮᠡᠨᠳᠦ᠂ ᠬᠦᠷᠢᠶᠡᠯᠡᠩ ᠪᠤᠢ ᠣᠷᠴᠢᠨ᠂ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠬᠤ᠂ ᠰᠢᠳᠤᠷᠭᠤ ᠥᠷᠢᠰᠦᠯᠳᠦᠭᠡᠨ ᠢ ᠳᠡᠮᠵᠢᠬᠦ ᠬᠦᠷᠢᠶᠡᠨ ᠳᠦ ᠦᠢᠯᠡᠴᠢᠯᠡᠬᠦ ᠪᠥᠭᠡᠳ ᠨᠡᠶᠢᠲᠡ ᠶᠢᠨ ᠠᠰᠢᠭ ᠰᠣᠨᠢᠷᠬᠠᠯ ᠤᠨ ᠲᠥᠯᠥᠭᠡ ᠱᠦᠭᠯᠦ ᠦᠯᠢᠶᠡᠭᠰᠡᠨ ᠡᠲᠡᠭᠡᠳ ᠦᠨ ᠡᠷᠬᠡ ᠵᠦᠢ ᠶᠢᠨ ᠪᠠᠶᠢᠳᠠᠯ ᠢ ᠲᠣᠭᠲᠠᠭᠠᠬᠤ ᠲᠠᠢ ᠬᠣᠯᠪᠣᠭᠳᠠᠭᠰᠠᠨ ᠬᠠᠷᠢᠯᠴᠠᠭ᠎ᠠ ᠶᠢ ᠵᠣᠬᠢᠴᠠᠭᠤᠯᠬᠤ ᠶᠤᠮ᠃

ᠨᠡᠶᠢᠲᠡᠯᠡᠭᠰᠡᠨ᠄