ᠠᠮᠧᠷᠢᠺᠠ ᠶᠢᠨ ᠨᠢᠭᠡᠳᠦᠭᠰᠡᠨ ᠤᠯᠤᠰ ᠤᠨ Oracle ᠺᠣᠷᠫᠣᠷᠠᠼᠢ ᠶᠢᠨ ᠲᠥᠯᠦᠭᠡᠯᠡᠯ ᠲᠡᠢ ᠠᠯᠪᠠᠨ ᠠᠭᠤᠯᠵᠠᠯᠲᠠ ᠬᠢᠯ᠎ᠡ


Oracle ᠺᠣᠷᠫᠣᠷᠠᠼᠢ ᠨᠢ ᠠᠮᠧᠷᠢᠺᠠ ᠶᠢᠨ ᠨᠢᠭᠡᠳᠦᠭᠰᠡᠨ ᠤᠯᠤᠰ ᠤᠨ ᠲ᠋ᠸᠬᠠᠰ ᠮᠤᠵᠢ ᠶᠢᠨ ᠣᠰᠲ᠋ᠢᠨ ᠬᠣᠲᠠᠳ ᠲᠥᠪ ᠲᠡᠢ ᠠᠮᠧᠷᠢᠺᠠ ᠶᠢᠨ ᠦᠨᠳᠦᠰᠦᠲᠡᠨ ᠳᠠᠮᠨᠠᠭᠰᠠᠨ ᠺᠣᠮᠫᠢᠶᠦ᠋ᠲ᠋ᠧᠷ ᠤᠨ ᠲᠧᠭᠨᠣᠯᠣᠭᠢ ᠶᠢᠨ ᠺᠣᠷᠫᠣᠷᠠᠼᠢ ᠪᠥᠭᠡᠳ ᠒᠐᠒᠐ ᠣᠨ ᠊ᠳᠤ ᠣᠷᠣᠯᠭ᠎ᠠ᠂ ᠵᠠᠬ᠎ᠠ ᠵᠡᠭᠡᠯᠢ ᠶᠢᠨ ᠦᠨᠡᠯᠡᠭᠡ ᠪᠡᠷ ᠳᠡᠯᠡᠬᠡᠢ ᠶᠢᠨ ᠭᠤᠷᠪᠠ ᠳᠠᠬᠢ ᠲᠣᠮᠣ ᠫᠷᠣᠭᠷᠠᠮ ᠬᠠᠩᠭᠠᠮᠵᠢ ᠶᠢᠨ ᠺᠣᠮᠫᠠᠨᠢ ᠪᠣᠯᠤᠭᠰᠠᠨ ᠥᠭᠭᠥᠭᠳᠡᠯ ᠦᠨ ᠰᠠᠩ ᠤᠨ ᠫᠷᠣᠭᠷᠠᠮ ᠬᠠᠩᠭᠠᠮᠵᠢ᠂ ᠲᠧᠭᠨᠣᠯᠣᠭᠢ᠂ ᠡᠭᠦᠯᠡᠨ ᠢᠨᠵᠧᠨᠧᠷᠴᠢᠯᠡᠯ ᠦᠨ ᠰᠢᠰᠲ᠋ᠧᠮ ᠦᠳ ᠪᠣᠯᠤᠨ ᠫᠷᠣᠭᠷᠠᠮ ᠬᠠᠩᠭᠠᠮᠵᠢ ᠶᠢᠨ ᠪᠦᠲᠦᠭᠡᠭᠳᠡᠬᠦᠨ ᠪᠣᠷᠣᠯᠠᠭᠤᠯᠳᠠᠭ ᠺᠣᠷᠫᠣᠷᠠᠼᠢ ᠶᠤᠮ᠃

ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ Oracle ᠺᠣᠷᠫᠣᠷᠠᠼᠢ ᠶᠢᠨ ᠲᠥᠷᠦ ᠶᠢᠨ ᠪᠠᠶᠢᠭᠤᠯᠤᠯᠭ᠎ᠠ ᠬᠠᠷᠢᠭᠤᠴᠠᠭᠰᠠᠨ ᠵᠠᠬᠢᠷᠤᠯ ᠢᠸᠠᠩ ᠲᠢᠮᠣᠹᠧᠸ ᠲᠡᠷᠢᠭᠦᠲᠡᠢ ᠲᠥᠯᠦᠭᠡᠯᠡᠯ ᠲᠡᠢ ᠥᠨᠥᠳᠥᠷ /᠒᠐᠒᠓.᠐᠔.᠐᠕/ ᠠᠯᠪᠠᠨ ᠠᠭᠤᠯᠵᠠᠯᠲᠠ ᠬᠢᠵᠦ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃

ᠠᠭᠤᠯᠵᠠᠯᠲᠠ ᠶᠢᠨ ᠡᠬᠢᠨ ᠳᠦ ᠼᠠ᠊ ᠬᠥ᠊ ᠬᠠ᠊ ᠬᠣ᠊ -᠊ᠤ ᠳᠡᠳ᠋ ᠰᠠᠶᠢᠳ ᠵ ∙ ᠡᠷᠬᠢᠮᠪᠠᠭᠠᠲᠤᠷ ᠴᠠᠭ ᠵᠠᠪ ᠭᠠᠷᠭᠠᠨ ᠠᠭᠤᠯᠵᠠᠵᠤ ᠪᠠᠶᠢᠭᠠᠳ ᠲᠠᠯᠠᠷᠬᠠᠯ ᠢᠯᠡᠷᠬᠡᠶᠢᠯᠡᠭᠡᠳ᠂ ᠮᠣᠩᠭᠣᠯ ᠤᠯᠤᠰ ᠲᠤ Oracle ᠥᠭᠭᠥᠭᠳᠡᠯ ᠦᠨ ᠰᠠᠩ ᠢ ᠠᠰᠢᠭᠯᠠᠳᠠᠭ ᠲᠥᠷᠥ ᠶᠢᠨ ᠣᠯᠠᠨ ᠪᠠᠶᠢᠭᠤᠯᠤᠯᠭ᠎ᠠ ᠪᠠᠶᠢᠳᠠᠭ ᠲᠠᠯ᠎ᠠ ᠪᠠᠷ ᠣᠨᠴᠠᠯᠠᠪᠠ᠃

ᠠᠭᠤᠯᠵᠠᠯᠲᠠ ᠪᠠᠷ Oracle ᠥᠭᠭᠥᠭᠳᠡᠯ ᠦᠨ ᠰᠠᠩ ᠢ ᠠᠰᠢᠭᠯᠠᠵᠤ ᠪᠤᠢ ᠮᠣᠩᠭᠣᠯ ᠤᠯᠤᠰ ᠤᠨ ᠲᠥᠷᠦ ᠶᠢᠨ ᠪᠠᠶᠢᠭᠤᠯᠤᠯᠭ᠎ᠠ ᠨᠤᠭᠤᠳ ᠲᠤ ᠲᠥᠯᠦᠪᠦᠷᠢ ᠶᠢᠨ ᠬᠥᠩᠭᠡᠯᠡᠯᠲᠡ ᠦᠵᠡᠭᠦᠯᠬᠦ ᠪᠣᠯᠤᠨ ᠲᠥᠷᠦ ᠶᠢᠨ ᠪᠠᠶᠢᠭᠤᠯᠤᠯᠭ᠎ᠠ ᠶᠢᠨ ᠫᠷᠣᠭᠷᠠᠮ ᠬᠠᠩᠭᠠᠮᠵᠢ ᠶᠢᠨ ᠬᠦᠮᠦᠨ ᠦ ᠨᠥᠭᠡᠴᠡ ᠶᠢ ᠦᠶ᠎ᠡ ᠱᠠᠲᠤ ᠲᠠᠢ ᠪᠡᠯᠡᠳᠬᠡᠬᠦ᠂ ᠮᠡᠳᠡᠯᠭᠡ᠂ ᠴᠢᠳᠠᠪᠤᠷᠢ ᠶᠢ ᠳᠡᠭᠡᠭᠰᠢᠯᠡᠭᠦᠯᠬᠦ᠂ ᠮᠡᠷᠭᠡᠰᠢᠭᠦᠯᠬᠦ ᠰᠤᠷᠭᠠᠯᠲᠠ ᠊ᠳᠤ ᠬᠠᠮᠤᠷᠤᠭᠤᠯᠬᠤ ᠪᠣᠯᠤᠮᠵᠢ ᠶᠢᠨ ᠲᠠᠯ᠎ᠠ ᠪᠠᠷ ᠶᠠᠷᠢᠯᠴᠠᠯ᠎ᠠ᠃

Oracle ᠥᠭᠭᠥᠭᠳᠡᠯ ᠦᠨ ᠰᠠᠩ ᠢ ᠦᠨᠳᠦᠰᠦᠨ ᠦ ᠳᠠᠲ᠋ᠠ ᠲᠥᠪ᠂ ᠲᠠᠲᠠᠪᠤᠷᠢ ᠶᠢᠨ ᠶᠡᠷᠦᠩᠬᠡᠢ ᠭᠠᠵᠠᠷ᠂ ᠰᠠᠩ ᠤᠨ ᠶᠠᠮᠤ᠂ ᠤᠯᠤᠰ ᠤᠨ ᠪᠦᠷᠢᠳᠬᠡᠯ ᠦᠨ ᠶᠡᠷᠦᠩᠬᠡᠢ ᠭᠠᠵᠠᠷ᠂ ᠡᠷᠡᠭᠦᠯ ᠮᠡᠨᠳᠦ ᠶᠢᠨ ᠳᠠᠭᠠᠳᠬᠠᠯ ᠤᠨ ᠶᠡᠷᠦᠩᠬᠡᠢ ᠭᠠᠵᠠᠷ ᠵᠡᠷᠭᠡ ᠴᠥᠭᠡᠨ ᠦᠭᠡᠢ ᠪᠠᠶᠢᠭᠤᠯᠤᠯᠭ᠎ᠠ ᠨᠤᠭᠤᠳ ᠠᠰᠢᠭᠯᠠᠳᠠᠭ ᠪᠥᠭᠡᠳ ᠦᠨᠳᠦᠰᠦᠨ ᠦ ᠳᠠᠲ᠋ᠠ ᠲᠥᠪ ᠨᠢ ᠒᠐᠑᠔ ᠣᠨ ᠠᠴᠠ Oracle᠂ Exadata X᠔ engineered ᠰᠢᠰᠲ᠋ᠧᠮ ᠢ ᠲᠥᠷᠥ ᠶᠢᠨ ᠮᠡᠳᠡᠭᠡᠯᠡᠯ ᠦᠨ ᠦᠨᠳᠦᠰᠦᠨ ᠪᠣᠯᠤᠨ ᠰᠠᠭᠤᠷᠢ ᠮᠡᠳᠡᠭᠡᠯᠡᠯ ᠦᠨ ᠰᠠᠩᠭ᠎ᠠ ᠨᠤᠭᠤᠳ ᠳᠡᠭᠡᠷ᠎ᠡ ᠠᠰᠢᠭᠯᠠᠵᠤ ᠡᠬᠢᠯᠡᠭᠰᠡᠨ᠃ ᠒᠐᠒᠑ ᠣᠨ ᠠᠴᠠ ᠡᠬᠢᠯᠡᠨ Oracle Exadata X᠘M-᠒ engineered ᠰᠢᠰᠲ᠋ᠧᠮ ᠢ ᠠᠰᠢᠭᠯᠠᠵᠤ ᠪᠠᠶᠢᠨ᠎ᠠ᠃

ᠠᠭᠤᠯᠵᠠᠯᠲᠠ ᠶᠢᠨ ᠲᠡᠭᠦᠰᠬᠡᠯ ᠳᠦ ᠼᠠ᠊ ᠬᠥ᠊ ᠬᠠ᠊ ᠬᠣ᠊ ᠍-᠊ᠤ ᠳᠡᠳ᠋ ᠰᠠᠶᠢᠳ ᠵ ∙ ᠡᠷᠬᠢᠮᠪᠠᠭᠠᠲᠤᠷ ᠢᠷᠡᠬᠦ ᠐᠖ ᠳ᠋ᠤᠭᠠᠷ ᠰᠠᠷ᠎ᠠ ᠳᠤ ᠵᠣᠬᠢᠶᠠᠨ ᠪᠠᠶᠢᠭᠤᠯᠤᠭᠳᠠᠬᠤ 《ICT Expo ᠒᠐᠒᠓ Mindgolia》 ᠪᠤᠶᠤ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠣᠯᠠᠨ ᠤᠯᠤᠰ ᠤᠨ ᠦᠵᠡᠰᠬᠦᠯᠡᠩ᠂ ᠠᠷᠭ᠎ᠠ ᠬᠡᠮᠵᠢᠶᠡᠨ ᠊ᠳᠦ Oracle ᠺᠣᠮᠫᠠᠨᠢᠢ ᠲᠥᠯᠥᠭᠡᠯᠡᠯ ᠢ ᠣᠷᠣᠯᠴᠠᠬᠤ ᠶᠢ ᠤᠷᠢᠯ᠎ᠠ᠃

ᠨᠡᠶᠢᠲᠡᠯᠡᠭᠰᠡᠨ᠄