ᠪᠠᠶᠢᠭᠤᠯᠤᠯᠭ᠎ᠠ ᠶᠢᠨ ᠲᠡᠦᠬᠡ

᠒᠐᠒᠒᠂ ᠐᠑᠂ ᠐᠖


ᠴᠠᠬᠢᠮ ᠬᠥᠭᠵᠢᠯ᠂ ᠬᠠᠷᠢᠯᠴᠠᠭ᠎ᠠ ᠬᠣᠯᠪᠤᠭᠠᠨ ᠤ ᠶᠠᠮᠤ

ᠮᠣᠩᠭᠣᠯ ᠤᠯᠤᠰ ᠤᠨ ᠵᠠᠰᠠᠭ ᠤᠨ ᠭᠠᠵᠠᠷ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢ ᠡᠳ᠋ ᠍ ᠦᠨ ᠵᠠᠰᠠᠭ ᠤᠨ ᠲᠡᠷᠢᠭᠦᠯᠡᠭᠴᠢ ᠰᠠᠯᠪᠤᠷᠢ ᠶᠢᠨ ᠨᠢᠭᠡ ᠪᠡᠷ ᠵᠠᠷᠯᠠᠵᠤ᠂ 《ᠴᠠᠬᠢᠮ ᠦᠨᠳᠦᠰᠦᠲᠡᠨ》 ᠪᠣᠯᠬᠤ ᠤᠷᠢᠶᠠᠯᠭ᠎ᠠ ᠶᠢ ᠳᠡᠪᠰᠢᠭᠦᠯᠦᠭᠰᠡᠨ᠃ ᠡᠨᠡ ᠬᠦᠷᠢᠶᠡᠨ ᠳᠦ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ ᠢ ᠲᠠᠲᠠᠨ ᠪᠠᠭᠤᠯᠭᠠᠵᠤ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠦᠢᠯᠡ ᠠᠵᠢᠯᠯᠠᠭᠠᠨ ᠤ ᠰᠲᠷᠠᠲ᠋ᠧᠭᠢ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢᠨ ᠥᠭᠡᠷᠡᠴᠢᠯᠡᠯᠲᠡ ᠶᠢᠨ ᠬᠥᠲᠦᠯᠪᠦᠷᠢ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠣᠷᠣᠨ ᠲᠣᠭᠠᠨ ᠤ ᠳᠡᠭᠡᠳᠦ ᠬᠢᠵᠠᠭᠠᠷ ᠢ ᠵᠠᠰᠠᠭ ᠤᠨ ᠭᠠᠵᠠᠷ ᠤᠨ ᠒᠐᠒᠒ ᠣᠨ ᠤ ᠐᠑ ᠳ᠋ᠦ᠋ᠭᠡᠷ ᠰᠠᠷ᠎ᠠ ᠶᠢᠨ ᠐᠖ ᠍ ᠤ ᠡᠳᠦᠷ ᠦᠨ ᠑᠓ ᠳ᠋ᠤᠭᠠᠷ ᠲᠣᠭᠲᠠᠭᠠᠯ ᠢᠶᠠᠷ ᠪᠠᠲᠤᠯᠠᠯ᠎ᠠ᠃

ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠢᠶᠠᠷ ᠨᠢ᠊ ∙ ᠤᠴᠠᠷᠠᠯ ᠢ᠂ ᠳᠡᠳ᠋ ᠰᠠᠶᠢᠳ ᠢᠶᠠᠷ ᠪᠣ᠊ ∙ ᠪᠣᠯᠣᠷ-ᠡᠷᠳᠡᠨᠢ᠂ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠪᠠᠷ ᠴᠤ᠊ ∙ ᠵᠣᠯᠪᠠᠶᠠᠷ ᠨᠠᠷ ᠢ ᠲᠤᠮᠢᠯᠠᠪᠠ᠃

ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤ ᠨᠢ᠄

  • ᠪᠣᠳᠣᠯᠭ᠎ᠠ ᠲᠥᠯᠥᠪᠯᠡᠯᠲᠡ ᠶᠢᠨ ᠭᠠᠵᠠᠷ
  • ᠴᠠᠬᠢᠮ ᠬᠥᠭᠵᠢᠯ ᠦᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ
  • ᠬᠠᠷᠢᠯᠴᠠᠭ᠎ᠠ ᠬᠣᠯᠪᠣᠭᠠᠨ ᠤ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ
  • ᠺᠢᠪᠧᠷ ᠠᠶᠤᠯ ᠦᠭᠡᠢ ᠪᠠᠶᠢᠳᠠᠯ ᠤᠨ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ
  • ᠲᠥᠷᠦ ᠶᠢᠨ ᠵᠠᠬᠢᠷᠭᠠᠨ ᠤ ᠤᠳᠤᠷᠢᠳᠤᠯᠭ᠎ᠠ ᠶᠢᠨ ᠭᠠᠵᠠᠷ
  • ᠬᠢᠨᠠᠯᠲᠠ ᠰᠢᠨᠵᠢᠯᠡᠭᠡ᠂ ᠦᠨᠡᠯᠡᠭᠡ᠂ ᠳᠣᠲᠣᠭᠠᠳᠤ ᠠᠦ᠋ᠳᠢᠲ ᠤᠨ ᠭᠠᠵᠠᠷ

ᠭᠡᠰᠡᠨ ᠵᠢᠷᠭᠤᠭᠠᠨ ᠭᠠᠵᠠᠷ᠂ ᠨᠠᠶᠢᠮᠠᠨ ᠬᠡᠯᠲᠡᠰ ᠲᠡᠢ᠂ ᠨᠡᠶᠢᠲᠡ ᠘᠗ ᠣᠷᠣᠨ ᠲᠣᠭ᠎ᠠ ᠲᠠᠢ ᠪᠠᠶᠢᠨ᠎ᠠ᠃

᠒᠐᠑᠖᠂ ᠐᠘ ᠰᠠᠷ᠎ᠠ


ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ

ᠵᠠᠰᠠᠭ ᠤᠨ ᠭᠠᠵᠠᠷ ᠤᠨ ᠒᠐᠑᠖ ᠣᠨ ᠤ ᠗ ᠳ᠋ᠤᠭᠠᠷ ᠰᠠᠷ᠎ᠠ ᠶᠢᠨ ᠒᠗ ᠍ ᠤ ᠡᠳᠦᠷ ᠦᠨ 《ᠵᠠᠰᠠᠭ ᠤᠨ ᠭᠠᠵᠠᠷ ᠤᠨ ᠠᠭᠧᠨᠲᠯᠢᠭ ᠤᠨ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ》 ᠲᠣᠭᠲᠠᠭᠠᠯ ᠢᠶᠠᠷ ᠵᠠᠰᠠᠭ ᠤᠨ ᠭᠠᠵᠠᠷ ᠤᠨ ᠲᠣᠬᠢᠷᠠᠭᠤᠯᠤᠭᠴᠢ᠂ ᠬᠡᠷᠡᠭᠵᠢᠭᠦᠯᠦᠭᠴᠢ ᠠᠭᠧᠨᠲᠯᠢᠭ ᠢ ᠰᠢᠨ᠎ᠡ ᠪᠡᠷ ᠪᠠᠶᠢᠭᠤᠯᠵᠤ᠂ ᠰᠢᠨ᠎ᠡ ᠪᠡᠷ ᠪᠣᠯᠤᠨ ᠥᠭᠡᠷᠡᠴᠢᠯᠡᠨ ᠵᠣᠬᠢᠶᠠᠨ ᠪᠠᠶᠢᠭᠤᠯᠤᠭᠳᠠᠵᠤ ᠪᠤᠢ ᠠᠭᠧᠨᠲᠯᠢᠭ ᠤᠳ ᠤᠨ ᠦᠢᠯᠡ ᠠᠵᠢᠯᠯᠠᠭᠠᠨ ᠤ ᠰᠲᠷᠠᠲ᠋ᠧᠭᠢ᠂ ᠪᠦᠲᠦᠴᠡ ᠶᠢᠨ ᠥᠭᠡᠷᠡᠴᠢᠯᠡᠯᠲᠡ ᠶᠢᠨ ᠬᠥᠲᠦᠯᠪᠦᠷᠢ ᠶᠢ ᠪᠠᠲᠤᠯᠠᠵᠤ᠂ ᠦᠢᠯᠡ ᠠᠵᠢᠯᠯᠠᠭ᠎ᠠ ᠶᠢ ᠨᠢ ᠰᠢᠭᠤᠷᠬᠠᠢ ᠡᠬᠢᠯᠡᠭᠦᠯᠬᠦ ᠶᠢ ᠵᠠᠰᠠᠭ ᠤᠨ ᠭᠠᠵᠠᠷ ᠤᠨ ᠭᠡᠰᠢᠭᠦᠳ ᠲᠦ ᠳᠠᠭᠠᠭᠠᠯᠭᠠᠵᠠᠢ᠃ ᠡᠨᠡ ᠲᠣᠭᠲᠠᠭᠠᠯ ᠤᠨ ᠳᠠᠭᠠᠤ ᠒᠐᠑᠖ ᠣᠨ ᠤ ᠨᠠᠶᠢᠮᠠᠳᠤᠭᠠᠷ ᠰᠠᠷ᠎ᠠ ᠳᠤ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ ᠪᠠᠶᠢᠭᠤᠯᠤᠭᠳᠠᠪᠠ᠃

ᠡᠳᠦᠭᠡ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ ᠨᠢ᠄

  1. ᠲᠥᠷᠦ ᠶᠢᠨ ᠵᠠᠬᠢᠷᠭ᠎ᠠ᠂ ᠤᠳᠤᠷᠢᠳᠤᠯᠭ᠎ᠠ ᠶᠢᠨ ᠭᠠᠵᠠᠷ
  2. ᠰᠲᠷᠠᠲ᠋ᠧᠭᠢ ᠶᠢᠨ ᠪᠣᠳᠣᠯᠭ᠎ᠠ᠂ ᠲᠥᠯᠥᠪᠯᠡᠯᠲᠡ ᠶᠢᠨ ᠭᠠᠵᠠᠷ
  3. ᠴᠠᠬᠢᠮ ᠬᠥᠭᠵᠢᠯ ᠦᠨ ᠭᠠᠵᠠᠷ
    • ᠰᠠᠨᠰᠠᠷ ᠤᠨ ᠬᠣᠯᠪᠣᠭᠠᠨ ᠤ ᠬᠡᠯᠲᠡᠰ
    • ᠰᠢᠤᠳᠠᠨ᠂ ᠷᠠᠳᠢᠣ᠋᠂ ᠲᠧᠯᠧᠸᠢᠰ ᠦᠨ ᠬᠡᠯᠲᠡᠰ
    • ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠬᠡᠯᠲᠡᠰ
  4. ᠬᠢᠨᠠᠯᠲᠠ ᠰᠢᠨᠵᠢᠯᠡᠭᠡ ᠦᠨᠡᠯᠡᠭᠡ᠂ ᠳᠣᠲᠣᠭᠠᠳᠤ ᠠᠦ᠋ᠳᠢᠲ ᠤᠨ ᠬᠡᠯᠲᠡᠰ ᠭᠡᠰᠡᠨ ᠪᠦᠲᠦᠴᠡ᠂ ᠵᠣᠬᠢᠶᠠᠨ ᠪᠠᠶᠢᠭᠤᠯᠤᠯᠲᠠ ᠲᠠᠢ ᠠᠵᠢᠯᠯᠠᠵᠤ ᠪᠠᠶᠢᠨ᠎ᠠ᠃

ᠡᠭᠦᠨ ᠦ ᠵᠡᠷᠭᠡᠴᠡᠭᠡ᠂ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠭᠠᠵᠠᠷ ᠤᠨ ᠬᠠᠷᠢᠶᠠᠨ ᠳᠤ᠄

  • ᠦᠨᠳᠦᠰᠦᠨ ᠦ ᠳᠠᠲ᠋ᠠ ᠲᠥᠪ ᠤ᠊ ᠲᠥ᠊ ᠦᠶ᠊ ᠭᠠ᠊ (ᠤ ᠲᠥ ᠦᠶ ᠭᠠ)
  • ᠷᠠᠳᠢᠣ᠋᠂ ᠲᠧᠯᠧᠸᠢᠰ ᠦᠨ ᠰᠦᠯᠵᠢᠶ᠎ᠡ ᠤ᠊ ᠲᠥ᠊ ᠦᠶ᠊ ᠭᠠ᠊ (ᠤ ᠲᠥ ᠦᠶ ᠭᠠ)
  • ᠮᠡᠳᠡᠭᠡᠯᠡᠯ ᠦᠨ ᠲᠧᠭᠨᠣᠯᠣᠭᠢ ᠶᠢᠨ ᠦᠨᠳᠦᠰᠦᠨ ᠦ ᠫᠠᠷᠺ

ᠬᠠᠷᠢᠨ ᠰᠠᠯᠪᠤᠷᠢ ᠶᠢᠨ ᠪᠠᠶᠢᠭᠤᠯᠤᠯᠭ᠎ᠠ ᠨᠤᠭᠤᠳ ᠢ ᠳᠤᠷᠠᠳᠪᠠᠯ᠄

  • ᠮᠣᠩᠭᠣᠯ ᠤᠨ ᠴᠠᠬᠢᠯᠭᠠᠨ ᠬᠣᠯᠪᠣᠭ᠎ᠠ ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ
  • ᠮᠣᠩᠭᠣᠯ ᠰᠢᠤᠳᠠᠨ ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ
  • ᠮᠡᠳᠡᠭᠡᠯᠡᠯ ᠬᠣᠯᠪᠣᠭᠠᠨ ᠤ ᠰᠦᠯᠵᠢᠶ᠎ᠡ ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ

᠒᠐᠐᠔᠂ ᠑᠐᠂ ᠒᠐


ᠮᠡᠳᠡᠭᠡᠯᠡᠯ᠂ ᠬᠠᠷᠢᠯᠴᠠᠭ᠎ᠠ ᠬᠣᠯᠪᠣᠭ᠎ᠠ᠂ ᠲᠧᠭᠨᠣᠯᠣᠭᠢ ᠶᠢᠨ ᠭᠠᠵᠠᠷ

᠒᠐᠐᠐ ᠣᠨ ᠭᠠᠷᠤᠮᠠᠭᠴᠠ ᠳᠡᠯᠡᠬᠡᠢ ᠶᠢᠨ ᠤᠯᠤᠰ ᠣᠷᠣᠨ ᠨᠤᠭᠤᠳ ᠡᠳ᠋ ᠍ ᠦᠨ ᠵᠠᠰᠠᠭ ᠤᠨ ᠦᠰᠦᠯᠲᠡ ᠶᠢ ᠬᠠᠩᠭᠠᠬᠤ᠂ ᠨᠡᠶᠢᠭᠡᠮ ᠦᠨ ᠬᠥᠭᠵᠢᠯ ᠢ ᠬᠤᠷᠳᠤᠰᠬᠠᠭᠴᠢ ᠦᠨᠳᠦᠰᠦᠨ ᠬᠡᠷᠡᠭᠰᠡᠯ ᠪᠣᠯᠬᠤ ᠮᠡᠳᠡᠭᠡᠯᠡᠯ ᠦᠨ ᠲᠧᠭᠨᠣᠯᠣᠭᠢ ᠶᠢ ᠠᠰᠢᠭᠯᠠᠨ ᠮᠡᠳᠡᠯᠭᠡ ᠣᠶᠤᠨ ᠳᠤ ᠰᠠᠭᠤᠷᠢᠯᠠᠭᠰᠠᠨ ᠮᠡᠳᠡᠭᠡᠯᠡᠯᠵᠢᠭᠰᠡᠨ ᠨᠡᠶᠢᠭᠡᠮ ᠪᠠᠶᠢᠭᠤᠯᠬᠤ ᠵᠣᠷᠢᠯᠲᠠ ᠳᠡᠪᠰᠢᠭᠦᠯᠵᠦ᠂ ᠬᠡᠷᠡᠭᠵᠢᠭᠦᠯᠵᠦ ᠡᠬᠢᠯᠡᠭᠰᠡᠨ ᠲᠤᠯᠠ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠠᠴᠠ ᠮᠡᠳᠡᠭᠡᠯᠡᠯ᠂ ᠬᠠᠷᠢᠯᠴᠠᠭ᠎ᠠ ᠬᠣᠯᠪᠣᠭ᠎ᠠ ᠶᠢ ᠲᠥᠷᠦ ᠶᠢᠨ ᠪᠣᠳᠣᠯᠭ᠎ᠠ ᠶᠢᠨ ᠲᠡᠷᠢᠭᠦᠯᠡᠬᠦ ᠴᠢᠭᠯᠡᠯ ᠬᠡᠮᠡᠨ ᠬᠦᠯᠢᠶᠡᠨ ᠵᠥᠪᠰᠢᠶᠡᠷᠡᠴᠢ᠂ ᠲᠤᠰ ᠰᠠᠯᠪᠤᠷᠢ ᠶᠢᠨ ᠤᠳᠤᠷᠢᠳᠤᠯᠭ᠎ᠠ ᠲᠣᠭᠲᠠᠯᠴᠠᠭ᠎ᠠ ᠶᠢ ᠰᠢᠨᠡᠳᠭᠡᠬᠦ ᠰᠢᠢᠳᠪᠦᠷᠢ ᠶᠢ ᠭᠠᠷᠭᠠᠪᠠ᠃

᠒᠐᠐᠔ ᠣᠨ ᠤ ᠫᠠᠷᠠᠯᠮᠧᠨᠲ ᠤᠨ ᠰᠣᠩᠭᠣᠭᠤᠯᠢ ᠶᠢᠨ ᠳᠠᠷᠠᠭ᠎ᠠ ᠵᠠᠰᠠᠭ ᠤᠨ ᠭᠠᠵᠠᠷ ᠤᠨ ᠪᠦᠲᠦᠴᠡ ᠶᠢ ᠰᠢᠨ᠎ᠡ ᠪᠡᠷ ᠪᠠᠲᠤᠯᠠᠬᠤ ᠳᠤ ᠪᠠᠨ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠠᠰᠠᠭᠤᠳᠠᠯ ᠢ ᠶᠡᠷᠦᠩᠬᠡᠢ ᠰᠠᠶᠢᠳ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠦ ᠪᠠᠭᠲᠠᠭᠠᠵᠤ᠂ ᠵᠠᠰᠠᠭ ᠤᠨ ᠭᠠᠵᠠᠷ ᠤᠨ ᠲᠣᠬᠢᠷᠠᠭᠤᠯᠤᠭᠴᠢ ᠠᠭᠧᠨᠲᠯᠢᠭ – ᠮᠡᠳᠡᠭᠡᠯᠡᠯ᠂ ᠬᠠᠷᠢᠯᠴᠠᠭ᠎ᠠ ᠬᠣᠯᠪᠣᠭ᠎ᠠ᠂ ᠲᠧᠭᠨᠣᠯᠣᠭᠢ ᠶᠢᠨ ᠭᠠᠵᠠᠷ ᠪᠠᠶᠢᠭᠤᠯᠵᠠᠢ᠃ ᠤᠯᠠᠮ ᠢᠶᠠᠷ ᠒᠐᠐᠔ ᠣᠨ ᠤ ᠑᠐ ᠳ᠋ᠤᠭᠠᠷ ᠰᠠᠷ᠎ᠠ ᠶᠢᠨ ᠒᠐ ᠍ ᠳᠤ ᠶᠡᠷᠦᠩᠬᠡᠢ ᠰᠠᠶᠢᠳ ᠙᠕ ᠲᠣᠭᠠᠲᠤ ᠵᠠᠬᠢᠷᠤᠮᠵᠢ ᠭᠠᠷᠭᠠᠵᠤ᠂ ᠲᠤᠰ ᠭᠠᠵᠠᠷ ᠤᠨ ᠦᠢᠯᠡ ᠠᠵᠢᠯᠯᠠᠭᠠᠨ ᠤ ᠰᠲᠷᠠᠲ᠋ᠧᠭᠢ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢᠨ ᠬᠥᠲᠦᠯᠪᠦᠷᠢ ᠶᠢ ᠪᠠᠲᠤᠯᠠᠵᠠᠢ᠃ ᠰᠢᠨ᠎ᠡ ᠠᠭᠧᠨᠲᠯᠢᠭ ᠨᠢ ᠒᠗ ᠬᠦᠮᠦᠨ ᠦ ᠣᠷᠣᠨ ᠲᠣᠭ᠎ᠠ ᠲᠠᠢ᠂ ᠓ ᠨᠢᠭᠡᠴᠡ ᠪᠦᠬᠦᠢ ᠵᠣᠬᠢᠶᠠᠨ ᠪᠠᠶᠢᠭᠤᠯᠤᠯᠲᠠ ᠶᠢᠨ ᠪᠦᠲᠦᠴᠡ ᠲᠡᠢ ᠪᠠᠶᠢᠬᠤ᠂ ᠬᠠᠷᠢᠶᠠᠨ ᠳᠤ ᠪᠠᠨ ᠮᠡᠳᠡᠭᠡᠯᠡᠯ᠂ ᠬᠣᠯᠪᠣᠭᠠᠨ ᠤ ᠬᠥᠭᠵᠢᠯ ᠦᠨ ᠲᠥᠪ ᠢ ᠪᠠᠶᠢᠭᠤᠯᠵᠤ᠂ ᠪᠦᠲᠦᠴᠡ ᠣᠷᠣᠨ ᠲᠣᠭ᠎ᠠ ᠶᠢ ᠪᠠᠲᠤᠯᠠᠬᠤ ᠶᠢ ᠵᠠᠬᠢᠷᠤᠮᠵᠢᠯᠠᠵᠠᠢ᠃

ᠤᠭ ᠭᠠᠵᠠᠷ ᠨᠢ ᠲᠥᠷᠥ ᠡᠴᠡ ᠮᠡᠳᠡᠭᠡᠯᠡᠯ᠂ ᠬᠠᠷᠢᠯᠴᠠᠭ᠎ᠠ ᠬᠣᠯᠪᠣᠭ᠎ᠠ᠂ ᠲᠧᠭᠨᠣᠯᠣᠭᠢ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ᠂ ᠬᠠᠤᠯᠢ ᠨᠤᠭᠤᠳ᠂ ᠵᠠᠰᠠᠭ ᠤᠨ ᠭᠠᠵᠠᠷ ᠤᠨ ᠦᠢᠯᠡ ᠠᠵᠢᠯᠯᠠᠭᠠᠨ ᠤ ᠬᠥᠲᠥᠯᠪᠦᠷᠢ ᠶᠢ ᠬᠡᠷᠡᠭᠵᠢᠭᠦᠯᠬᠦ ᠳᠦ ᠴᠢᠭᠯᠡᠭᠰᠡᠨ ᠰᠢᠢᠳᠪᠦᠷᠢ ᠭᠠᠷᠭᠠᠬᠤ᠂ ᠬᠡᠷᠡᠭᠵᠢᠯᠲᠡ ᠶᠢ ᠬᠠᠩᠭᠠᠬᠤ ᠳᠤ ᠶᠡᠷᠦᠩᠬᠡᠢ ᠰᠠᠶᠢᠳ ᠲᠤ ᠪᠦᠬᠦ ᠲᠠᠯ᠎ᠠ ᠶᠢᠨ ᠳᠡᠮᠵᠢᠯᠭᠡ᠂ ᠲᠤᠰᠠᠯᠠᠯᠴᠠᠭ᠎ᠠ ᠦᠵᠡᠭᠦᠯᠬᠦ᠂ ᠮᠡᠳᠡᠭᠡᠯᠡᠯ᠂ ᠬᠠᠷᠢᠯᠴᠠᠭ᠎ᠠ ᠬᠣᠯᠪᠣᠭ᠎ᠠ᠂ ᠲᠧᠭᠨᠣᠯᠣᠭᠢ ᠶᠢᠨ ᠭᠠᠵᠠᠷ ᠤᠨ ᠦᠨᠳᠦᠰᠦᠨ ᠦᠢᠯᠡ ᠠᠵᠢᠯᠯᠠᠭ᠎ᠠ ᠶᠢ ᠰᠠᠯᠪᠤᠷᠢ ᠶᠢᠨ ᠰᠲᠷᠠᠲ᠋ᠧᠭᠢ ᠶᠢᠨ ᠲᠥᠯᠥᠪᠯᠡᠯᠲᠡ᠂ ᠪᠣᠳᠣᠯᠭ᠎ᠠ ᠶᠢᠨ ᠤᠳᠤᠷᠢᠳᠤᠮᠵᠢ ᠪᠠᠷ ᠬᠠᠩᠭᠠᠬᠤ᠂ ᠬᠡᠷᠡᠭᠵᠢᠯᠲᠡ ᠶᠢ ᠵᠣᠬᠢᠴᠠᠭᠤᠯᠬᠤ ᠡᠭᠦᠷᠭᠡ ᠶᠢ ᠬᠦᠯᠢᠶᠡᠬᠦ ᠪᠣᠯᠪᠠ᠃ ᠡᠭᠦᠨ ᠡᠴᠡ ᠬᠣᠶᠢᠰᠢ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠨᠢ ᠶᠡᠷᠦᠩᠬᠡᠢ ᠰᠠᠶᠢᠳ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠦ ᠵᠠᠰᠠᠭ ᠤᠨ ᠭᠠᠵᠠᠷ ᠤᠨ ᠲᠣᠬᠢᠷᠠᠭᠤᠯᠤᠭᠴᠢ ᠠᠭᠧᠨᠲᠯᠢᠭ ᠤᠨ ᠰᠲ᠋ᠠᠲ᠋ᠦ᠋ᠰ ᠲᠠᠢ ᠶᠠᠪᠤᠵᠤ ᠢᠷᠡᠭᠰᠡᠨ ᠪᠠ ᠵᠠᠰᠠᠭ ᠤᠨ ᠭᠠᠵᠠᠷ ᠤᠨ ᠪᠦᠲᠦᠴᠡ ᠶᠢᠨ ᠥᠭᠡᠷᠡᠴᠢᠯᠡᠯᠲᠡ ᠲᠡᠢ ᠤᠶᠠᠯᠳᠤᠨ ᠲᠤᠰ ᠭᠠᠵᠠᠷ ᠤᠨ ᠨᠡᠷ᠎ᠡ᠂ ᠪᠦᠲᠦᠴᠡ ᠥᠭᠡᠷᠡᠴᠢᠯᠡᠭᠳᠡᠵᠦ ᠪᠠᠶᠢᠪᠠ᠃ ᠲᠤᠬᠠᠶᠢᠯᠠᠪᠠᠯ᠂

  • ᠒᠐᠐᠘-᠒᠐᠑᠒᠄ ᠮᠡᠳᠡᠭᠡᠯᠡᠯ᠂ ᠰᠢᠤᠳᠠᠨ᠂ ᠬᠠᠷᠢᠯᠴᠠᠭ᠎ᠠ ᠬᠣᠯᠪᠣᠭ᠎ᠠ᠂ ᠲᠧᠭᠨᠣᠯᠣᠭᠢ ᠶᠢᠨ ᠭᠠᠵᠠᠷ
  • ᠒᠐᠑᠓-᠒᠐᠑᠖᠄ ᠮᠡᠳᠡᠭᠡᠯᠡᠯ ᠦᠨ ᠲᠧᠭᠨᠣᠯᠣᠭᠢ᠂ ᠰᠢᠤᠳᠠᠨ᠂ ᠬᠠᠷᠢᠯᠴᠠᠭ᠎ᠠ ᠬᠣᠯᠪᠣᠭᠠᠨ ᠤ ᠭᠠᠵᠠᠷ ᠨᠡᠷ᠎ᠡ ᠲᠡᠢ ᠪᠡᠷ ᠠᠵᠢᠯᠯᠠᠵᠤ ᠢᠷᠡᠵᠡᠢ᠃

ᠲᠤᠰ ᠭᠠᠵᠠᠷ ᠤᠨ ᠳᠠᠷᠤᠭ᠎ᠠ ᠪᠠᠷ ᠴᠢ᠊ ∙ ᠰᠠᠶᠢᠬᠠᠨᠪᠢᠯᠢᠭ᠂ ᠵᠠ᠊ ∙ ᠰᠠᠨᠰᠠᠷ᠂ ᠵᠠ᠊ ∙ ᠪᠠᠲᠤ-ᠡᠷᠳᠡᠨᠢ᠂ ᠼᠣ᠊ ∙ ᠵᠠᠳᠠᠮᠪᠠ ᠪᠠᠨ ᠨᠠᠷ ᠠᠵᠢᠯᠯᠠᠵᠤ ᠪᠠᠶᠢᠪᠠ᠃

᠑᠙᠙᠖᠂ ᠑᠒᠂ ᠐᠕


ᠰᠢᠤᠳᠠᠨ᠂ ᠴᠠᠬᠢᠯᠭᠠᠨ ᠬᠣᠯᠪᠣᠭᠠᠨ ᠤ ᠭᠠᠵᠠᠷ

᠑᠙᠙᠖ ᠣᠨ ᠠᠴᠠ ᠮ ∙ ᠡᠩᠬᠡᠰᠠᠶᠢᠬᠠᠨ ᠵᠠᠰᠠᠭ ᠤᠨ ᠭᠠᠵᠠᠷ ᠨᠢ 《…ᠦᠢᠯᠡ ᠠᠵᠢᠯᠯᠠᠭᠠᠨ ᠤ ᠪᠠᠨ ᠵᠣᠬᠢᠬᠤ ᠬᠦᠷᠢᠶ᠎ᠡ᠂ ᠰᠠᠯᠪᠤᠷᠢ ᠳᠤ ᠲᠤᠬᠢᠷᠠᠭᠤᠯᠬᠤ ᠪᠣᠯᠤᠨ ᠬᠡᠷᠡᠭᠵᠢᠭᠦᠯᠬᠦ ᠴᠢᠭ ᠡᠭᠦᠷᠭᠡ ᠪᠦᠬᠦᠢ ᠵᠠᠰᠠᠭ ᠤᠨ ᠭᠠᠵᠠᠷ ᠤᠨ ᠠᠭᠧᠨᠲᠯᠢᠭ ᠢ ᠤᠯᠤᠰ ᠤᠨ ᠶᠡᠬᠡ ᠬᠤᠷᠠᠯ ᠠᠴᠠ ᠵᠥᠪᠰᠢᠶᠡᠷᠡᠭᠰᠡᠨ ᠪᠦᠳᠦᠭᠦᠪᠴᠢ ᠶᠢᠨ ᠳᠠᠭᠠᠤ ᠪᠠᠶᠢᠭᠤᠯᠤᠨ ᠠᠵᠢᠯᠯᠠᠭᠤᠯᠵᠤ ᠪᠣᠯᠤᠨ᠎ᠠ》 ᠭᠡᠰᠡᠨ ᠬᠠᠤᠯᠢ ᠶᠢᠨ ᠵᠢᠭᠠᠯᠲᠠ ᠶᠢ ᠦᠨᠳᠦᠰᠦᠯᠡᠨ ᠕᠘ ᠠᠭᠧᠨᠲᠯᠢᠭ ᠢ ᠪᠠᠶᠢᠭᠤᠯᠵᠤ ᠪᠠᠶᠢᠪᠠ᠃

ᠲᠡᠳᠡᠨ ᠦ ᠨᠢᠭᠡ ᠨᠢ ᠵᠠᠰᠠᠭ ᠤᠨ ᠭᠠᠵᠠᠷ ᠤᠨ ᠑᠙᠙᠖ ᠣᠨ ᠤ ᠑᠒ ᠳ᠋ᠤᠭᠠᠷ ᠰᠠᠷ᠎ᠠ ᠶᠢᠨ ᠕ ᠤ ᠡᠳᠦᠷ ᠦᠨ ᠓᠐᠐ ᠲᠣᠭᠠᠲᠤ ᠲᠣᠭᠲᠠᠭᠠᠯ ᠢᠶᠠᠷ ᠳᠡᠳ᠋ ᠪᠦᠲᠦᠴᠡ ᠶᠢᠨ ᠬᠥᠭᠵᠢᠯ ᠦᠨ ᠰᠠᠶᠢᠳ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠦ ᠪᠠᠶᠢᠭᠤᠯᠤᠭᠳᠠᠭᠰᠠᠨ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ – ᠰᠢᠤᠳᠠᠨ᠂ ᠴᠠᠬᠢᠯᠭᠠᠨ ᠬᠣᠯᠪᠣᠭᠠᠨ ᠤ ᠭᠠᠵᠠᠷ ᠪᠠᠶᠢᠴᠠᠢ᠃

ᠲᠤᠰ ᠠᠭᠧᠨᠲᠯᠢᠭ ᠤᠨ ᠳᠠᠷᠤᠭ᠎ᠠ ᠪᠠᠷ ᠑᠙᠙᠖-᠑᠙᠙᠗ ᠣᠨ ᠳᠤ – ᠪᠠ᠊ ∙ ᠰᠦᠬᠡᠪᠠᠭᠠᠲᠤᠷ᠂ ᠑᠙᠙᠗-᠒᠐᠐᠐ ᠣᠨ ᠳᠤ – ᠯ᠊ ∙ ᠪᠠᠶᠠᠷ ᠢᠶᠠᠨ᠂ ᠒᠐᠐᠐-᠒᠐᠐᠔ ᠣᠨ ᠳᠤ – ᠭ ∙ ᠪᠠᠲᠤᠲᠥᠷ᠂ ᠒᠐᠐᠔ ᠣᠨ ᠳᠤ – ᠳ᠊ ∙ ᠳᠣᠯᠣᠭᠠᠷᠰᠦ᠋ᠷᠦᠩ ᠨᠠᠷ ᠠᠵᠢᠯᠯᠠᠭᠰᠠᠨ ᠪᠠᠶᠢᠨ᠎ᠠ᠃

᠑᠙᠙᠒ ᠣᠨ


ᠵᠠᠮ ᠲᠡᠭᠡᠭᠡᠪᠦᠷᠢ᠂ ᠬᠣᠯᠪᠣᠭᠠᠨ ᠤ ᠶᠠᠮᠤ

᠑᠙᠙᠐ ᠣᠨ ᠠᠴᠠ ᠬᠣᠶᠢᠰᠢ ᠮᠣᠩᠭᠣᠯ ᠤᠯᠤᠰ ᠤᠨ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢᠨ ᠪᠣᠳᠣᠯᠭ᠎ᠠ ᠶᠢ ᠲᠣᠳᠣᠷᠬᠠᠶᠢᠯᠠᠬᠤ᠂ ᠡᠷᠬᠢᠯᠡᠨ ᠬᠠᠷᠢᠭᠤᠴᠠᠵᠤ ᠬᠡᠷᠡᠭᠵᠢᠭᠦᠯᠬᠦ ᠰᠦᠪᠶᠧᠺᠲ ᠤᠨ ᠨᠡᠷ᠎ᠡ᠂ ᠡᠷᠬᠡ ᠡᠭᠦᠷᠭᠡ ᠪᠠᠭ᠎ᠠ ᠦᠭᠡᠢ ᠥᠭᠡᠷᠡᠴᠢᠯᠡᠭᠳᠡᠵᠦ᠂ ᠮᠥᠨ ᠣᠨ ᠤ ᠑᠐ ᠳ᠋ᠤᠭᠠᠷ ᠰᠠᠷ᠎ᠠ ᠶᠢᠨ ᠑ ᠍ ᠦ ᠡᠳᠦᠷ ᠦᠨ ᠤᠯᠤᠰ ᠤᠨ ᠪᠠᠭ᠎ᠠ ᠬᠤᠷᠠᠯ ᠤᠨ ᠲᠣᠭᠲᠠᠭᠠᠯ ᠢᠶᠠᠷ ᠪᠦ ᠨᠠ ᠮᠣ ᠠ ᠤ ᠍ ᠶᠢᠨ ᠬᠣᠯᠪᠣᠭᠠᠨ ᠤ ᠶᠠᠮᠤ ᠶᠢ ᠲᠠᠲᠠᠨ ᠪᠠᠭᠤᠯᠭᠠᠵᠤ᠂ ᠬᠣᠯᠪᠣᠭᠠᠨ ᠤ ᠶᠡᠷᠦᠩᠬᠡᠢ ᠭᠠᠵᠠᠷ ᠢ ᠪᠠᠶᠢᠭᠤᠯᠪᠠ᠃

ᠤᠳᠠᠯ ᠦᠭᠡᠢ ᠑᠙᠙᠒ ᠣᠨ ᠤ ᠫᠠᠷᠯᠠᠮᠧᠨᠲ ᠤᠨ ᠰᠣᠩᠭᠣᠭᠤᠯᠢ ᠶᠢᠨ ᠦᠷ᠎ᠡ ᠳ᠋ᠦᠩ ᠳᠦ ᠪᠠᠶᠢᠭᠤᠯᠤᠭᠳᠠᠭᠰᠠᠨ ᠤᠯᠤᠰ ᠤᠨ ᠶᠡᠬᠡ ᠬᠤᠷᠠᠯ ᠤᠨ ᠰᠢᠨ᠎ᠡ ᠪᠦᠲᠦᠴᠡ ᠪᠦᠷᠢᠯᠳᠦᠬᠦᠨ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠰᠢᠨ᠎ᠡ ᠪᠦᠲᠦᠴᠡ ᠶᠢ ᠪᠠᠲᠤᠯᠠᠪᠠ᠃ ᠢᠩᠭᠢᠬᠦ ᠳᠦ ᠪᠡᠨ ᠬᠣᠯᠪᠣᠭᠠᠨ ᠤ ᠪᠣᠯᠤᠨ ᠲᠡᠭᠡᠭᠡᠪᠦᠷᠢ ᠶᠢᠨ ᠶᠡᠷᠦᠩᠬᠡᠢ ᠭᠠᠵᠠᠷ ᠢ ᠲᠠᠲᠠᠨ ᠪᠠᠭᠤᠯᠭᠠᠵᠤ᠂ ᠵᠠᠮ᠂ ᠲᠡᠭᠡᠭᠡᠪᠦᠷᠢ᠂ ᠬᠣᠯᠪᠣᠭᠠᠨ ᠤ ᠶᠠᠮᠤ ᠶᠢ ᠰᠢᠨ᠎ᠡ ᠪᠡᠷ ᠪᠠᠶᠢᠭᠤᠯᠵᠤ᠂ ᠰᠠᠶᠢᠳ ᠢᠶᠠᠷ ᠨᠢ ᠷ ∙ ᠰᠠᠨᠳᠠᠯᠢᠬᠠᠨ ᠢ ᠲᠣᠮᠢᠯᠠᠵᠠᠢ᠃

ᠡᠭᠦᠨ ᠡᠴᠡ ᠬᠣᠶᠢᠰᠢ ᠬᠣᠶᠠᠷ ᠵᠢᠯ ᠦᠨ ᠳᠠᠷᠠᠭ᠎ᠠ ᠪᠤᠶᠤ ᠑᠙᠙᠔ ᠣᠨ ᠤ ᠀ ᠳᠦᠭᠡᠷ ᠰᠠᠷ᠎ᠠ ᠶᠢᠨ ᠑᠔ ᠍ ᠳᠦ ᠤᠯᠤᠰ ᠤᠨ ᠶᠡᠬᠡ ᠬᠤᠷᠠᠯ ᠠᠴᠠ ᠵᠠᠰᠠᠭ ᠤᠨ ᠭᠠᠵᠠᠷ ᠤᠨ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠪᠠ᠃ ᠤᠭ ᠥᠭᠡᠷᠡᠴᠢᠯᠡᠯᠲᠡ ᠪᠡᠷ ᠵᠠᠮ᠂ ᠲᠡᠭᠡᠭᠡᠪᠦᠷᠢ᠂ ᠬᠣᠯᠪᠣᠭᠠᠨ ᠤ ᠶᠠᠮᠤ ᠶᠢ ᠲᠠᠲᠠᠨ ᠪᠠᠭᠤᠯᠭᠠᠵᠤ᠂ ᠳᠡᠳ᠋ ᠪᠦᠲᠦᠴᠡ ᠶᠢᠨ ᠬᠥᠭᠵᠢᠯ ᠦᠨ ᠶᠠᠮᠤ ᠶᠢ ᠪᠠᠶᠢᠭᠤᠯᠤᠨ᠂ ᠰᠠᠶᠢᠳ ᠤᠨ ᠡᠷᠬᠢᠯᠡᠬᠦ ᠠᠰᠠᠭᠤᠳᠠᠯ ᠳᠤ ᠵᠠᠮ᠂ ᠲᠡᠭᠡᠭᠡᠪᠦᠷᠢ᠂ ᠬᠣᠯᠪᠣᠭ᠎ᠠ ᠶᠢ ᠬᠥᠭᠵᠢᠭᠦᠯᠬᠦ ᠪᠣᠳᠣᠯᠭ᠎ᠠ᠂ ᠪᠦᠬᠦ ᠲᠥᠷᠥᠯ ᠦᠨ ᠲᠡᠭᠡᠭᠡᠪᠦᠷᠢ᠂ ᠬᠠᠷᠢᠯᠴᠠᠭ᠎ᠠ ᠬᠣᠯᠪᠣᠭᠠᠨ ᠤ ᠦᠢᠯᠡᠴᠢᠯᠡᠭᠡ᠂ ᠪᠠᠷᠢᠯᠭ᠎ᠠ᠂ ᠠᠷᠬᠢᠲ᠋ᠧᠺᠲ᠋ᠣᠷ᠂ ᠬᠣᠲᠠ ᠪᠠᠶᠢᠭᠤᠯᠤᠯᠲᠠ ᠶᠢᠨ ᠪᠣᠳᠣᠯᠭ᠎ᠠ᠂ ᠣᠷᠣᠨ ᠰᠠᠭᠤᠴᠠ᠂ ᠨᠡᠶᠢᠲᠡ ᠶᠢᠨ ᠠᠵᠤ ᠠᠬᠤᠢ ᠶᠢᠨ ᠪᠣᠳᠣᠯᠭ᠎ᠠ᠂ ᠵᠣᠬᠢᠴᠠᠭᠤᠯᠤᠯᠲᠠ᠂ ᠭᠧᠣᠳᠧᠽᠢ᠂ ᠵᠢᠷᠤᠭ ᠲᠥᠰᠥᠯ ᠦᠨ ᠪᠣᠳᠣᠯᠭ᠎ᠠ᠂ ᠪᠠᠷᠢᠯᠭ᠎ᠠ ᠲᠧᠭᠨᠢᠭ ᠦᠨ ᠤᠯᠤᠰ ᠤᠨ ᠬᠢᠨᠠᠯᠲᠠ ᠶᠢ ᠪᠠᠭᠲᠠᠭᠠᠨ ᠬᠠᠷᠢᠭᠤᠴᠠᠭᠤᠯᠤᠭᠰᠠᠨ ᠶᠤᠮ᠃ ᠤᠯᠠᠮ ᠢᠶᠠᠷ ᠲᠤᠰ ᠶᠠᠮᠤᠨ ᠤ ᠪᠦᠷᠢᠯᠳᠦᠬᠦᠨ ᠳᠦ ᠑᠒ ᠣᠷᠣᠨ ᠲᠣᠭ᠎ᠠ ᠲᠠᠢ ᠬᠣᠯᠪᠣᠭᠠᠨ ᠤ ᠭᠠᠵᠠᠷ ᠢ ᠪᠠᠶᠢᠭᠤᠯᠵᠠᠢ᠃